ᠡᠨᠡ ᠵᠢᠯ ᠠᠴᠠ ᠨᠠᠭᠠᠰᠢ᠂ ᠰᠢᠯᠢ ᠶᠢᠨ ᠬᠤᠳᠠ ᠵᠠᠮ ᠤᠨ ᠲᠥᠯᠦᠪᠵᠢᠭᠦᠯᠭᠡ ᠶᠢ ᠰᠢᠯᠢᠳᠡᠭᠵᠢᠭᠦᠯᠬᠦ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠴᠢᠨᠠᠷᠲᠠᠢ ᠵᠠᠮ ᠬᠠᠷᠢᠯᠴᠠᠭ᠎ᠠ ᠶᠢ ᠵᠠᠰᠠᠬᠤ ᠪᠠᠷ ᠭᠤᠣᠯᠳᠠᠯᠭ᠎ᠠ ᠪᠣᠯᠭᠠᠨ᠂ | ᠤᠯᠠᠨ ᠲᠦᠮᠡᠨ ᠤ ᠠᠩᠬᠠᠷᠴᠤ ᠪᠠᠶᠢᠭ᠎ᠠ ᠵᠠᠮ ᠬᠠᠷᠢᠯᠴᠠᠭᠠᠨ ᠤ ᠲᠦᠭᠵᠢᠷᠡᠯ ᠠᠴᠠ ᠭᠠᠷᠳᠠᠵᠤ᠂ ᠵᠠᠮ ᠨᠡᠪᠲᠡᠷᠡᠯᠭᠡ ᠶᠢᠨ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠰᠢᠯᠢ ᠶᠢᠨ ᠬᠤᠲᠠ ᠶᠢᠨ ᠬᠤᠳᠠ ᠲᠣᠭᠤᠷᠢᠭ ᠤᠨ ᠴᠢᠬᠤᠯᠠ ᠵᠠᠮ ᠤᠨ | ᠬᠡᠰᠡᠭ ᠤᠨ ᠵᠠᠮ ᠬᠠᠷᠢᠯᠴᠠᠭᠠᠨ ᠤ ᠲᠦᠭᠵᠢᠷᠡᠯ ᠢ ᠪᠦᠲᠦᠮᠵᠢᠲᠡᠢ ᠨᠠᠮᠳᠠᠭᠤᠯᠪᠠ᠃ ᠣᠳᠣᠬᠠᠨ ᠪᠣᠯᠲᠠᠯ᠎ᠠ᠂ 16000 | ᠬᠠᠪᠲᠠᠭᠠᠢ ᠳᠥᠷᠪᠡᠯᠵᠢᠨ ᠮᠧᠲᠷ ᠪᠠᠷᠤᠭᠰᠢᠨ ᠵᠠᠮ ᠢ ᠰᠢᠨ᠎ᠡ ᠪᠠᠷ ᠪᠠᠶᠢᠭᠤᠯᠵᠤ᠂ 17670 ᠬᠠᠪᠲᠠᠭᠠᠢ ᠳᠥᠷᠪᠡᠯᠵᠢᠨ ᠮᠧᠲᠷ | ᠵᠠᠮ ᠢ ᠥᠷᠭᠡᠳᠬᠡᠨ᠂ 2800 ᠬᠠᠪᠲᠠᠭᠠᠢ ᠳᠥᠷᠪᠡᠯᠵᠢᠨ ᠮᠧᠲᠷ ᠪᠠᠷᠢᠮᠵᠢᠶᠠᠲᠤ ᠱᠤᠭᠤᠮ ᠵᠢᠷᠤᠵᠤ᠂ 7942 ᠬᠠᠪᠲᠠᠭᠠᠢ | ᠳᠥᠷᠪᠡᠯᠵᠢᠨ ᠮᠧᠲᠷ ᠶᠠᠪᠠᠭᠠᠨ ᠤ ᠵᠠᠮ ᠢ ᠰᠢᠨ᠎ᠡ ᠪᠠᠷ ᠪᠠᠶᠢᠭᠤᠯᠤᠨ᠂ 302 ᠲᠡᠷᠭᠡᠨ ᠵᠣᠭᠰᠣᠭᠠᠯ ᠬᠠᠩᠭᠠᠪᠠ᠃ | ᠣᠶᠢᠯᠠᠭᠠᠭᠰᠠᠨ ᠢᠶᠠᠷ᠂ ᠰᠢᠯᠢ ᠶᠢᠨ ᠬᠤᠳᠠ ᠶᠢᠨ ᠵᠠᠮ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠨᠢ ᠭᠤᠣᠯᠳᠠᠭᠤ | ᠰᠢᠯᠢ ᠶᠢᠨ ᠶᠡᠭᠡ ᠵᠡᠭᠡᠯᠢ᠂ ᠱᠠᠩᠬᠠᠢ ᠵᠠᠮ᠂ ᠡᠮᠦᠨ᠎ᠡ ᠬᠤᠶᠠᠳᠤᠭᠠᠷ ᠲᠣᠭᠤᠷᠢᠯ ᠵᠠᠮ ᠵᠡᠷᠭᠡ 4 ᠵᠡᠭᠡᠯᠢ ᠪᠠ 2 ᠵᠠᠮ ᠤᠨ | ᠠᠭᠤᠯᠵᠠᠷ ᠲᠤ ᠬᠤᠯᠪᠣᠭᠳᠠᠵᠤ᠂ ᠨᠡᠶᠢᠲᠡ 13 ᠨᠣᠭᠤᠭᠠᠷᠠᠭᠤᠯᠤᠯᠲᠠ ᠶᠢᠨ ᠪᠦᠰᠡ ᠶᠢ ᠥᠭᠡᠷᠡᠴᠢᠯᠡᠨ ᠪᠠᠶᠢᠭᠤᠯᠬᠤ ᠪᠠ | ᠵᠠᠮ ᠤᠨ ᠲᠡᠮᠳᠡᠭ ᠵᠢᠷᠤᠭᠠᠰᠤ ᠶᠢ ᠵᠠᠰᠠᠵᠤ ᠵᠠᠭᠠᠭᠯᠠᠨ ᠲᠣᠭᠲᠠᠭᠠᠬᠤ ᠵᠢᠴᠢ 2 ᠲᠡᠷᠭᠡ ᠵᠣᠭᠰᠣᠬᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠠᠢ᠃ ᠪᠠᠷᠢᠯᠭ᠎ᠠ ᠶᠢᠨ ᠬᠤᠭᠤᠴᠠᠭᠠᠨ ᠳᠤ ᠬᠤᠲᠠ ᠶᠢᠨ ᠠᠷᠠᠳ ᠤᠨ ᠶᠠᠪᠤᠵᠤ | ᠰᠠᠭᠤᠬᠤ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠯᠠᠳᠠ᠂ ᠴᠢᠬᠢ ᠮᠣᠳᠣ ᠵᠢᠴᠢ | ᠵᠠᠮ ᠤᠨ ᠳ᠋ᠧᠩ ᠢ ᠰᠢᠯᠵᠢᠭᠦᠯᠬᠦ ᠳᠤ ᠰᠥᠨᠢ ᠪᠠᠷ ᠠᠵᠢᠯᠯᠠᠵᠤ᠂ ᠵᠠᠮ ᠮᠠᠯᠲᠠᠬᠤ ᠡᠵᠢᠯ ᠢ ᠰᠤᠷᠤᠭᠴᠢᠳ ᠤᠨ ᠰᠤᠷᠭᠠᠭᠤᠯᠢ ᠳᠤ | ᠶᠠᠪᠤᠵᠤ ᠰᠠᠭᠤᠬᠤ ᠴᠠᠭ ᠵᠢᠴᠢ ᠬᠥᠮᠥᠰ ᠤᠨ ᠠᠵᠢᠯ ᠳᠤ ᠭᠠᠷᠴᠤ ᠪᠠᠭᠤᠬᠤ ᠣᠷᠭᠢᠯ ᠤᠨ ᠬᠤᠭᠤᠴᠠᠭ᠎ᠠ ᠠᠴᠠ ᠵᠠᠶᠢᠯᠠᠰᠬᠢᠨ | ᠶᠠᠪᠤᠭᠳᠠᠭᠤᠯᠵᠤ᠂ ᠲᠡᠷᠭᠡ ᠤᠨᠤᠭ᠎ᠠ ᠶᠢᠨ ᠬᠡᠪ ᠢᠶᠠᠷ ᠨᠡᠪᠲᠡᠷᠡᠬᠦ ᠶᠢ ᠪᠠᠲᠤᠯᠠᠪᠠ᠃ᠬᠤᠲᠠ ᠶᠢᠨ ᠵᠠᠮ ᠢ ᠰᠢᠯᠢᠳᠡᠭᠵᠢᠭᠦᠯᠦᠨ | ᠥᠭᠡᠷᠡᠴᠢᠯᠡᠭᠰᠡᠨ ᠤ ᠳᠠᠷᠠᠭ᠎ᠠ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠰᠢᠯᠢ ᠶᠢᠨ | ᠬᠤᠳᠠ ᠶᠢᠨ ᠬᠡᠰᠡᠭ ᠣᠷᠣᠨ ᠪᠦᠰᠡ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠢ ᠪᠦᠲᠦᠮᠵᠢᠲᠡᠶ ᠨᠠᠮᠳᠠᠭᠤᠯᠪᠠ᠃ |