ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠬᠥᠭᠵᠢᠮ ᠤᠨ ᠤᠷᠤᠯᠳᠤᠭᠠᠨ ᠤ ᠰᠢᠭᠰᠢᠬᠡ ᠤᠷᠤᠯᠳᠤᠭᠠᠨ  ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 23᠎ ᠠᠴᠠ 24᠎ ᠤ ᠡᠳᠦᠷ᠂ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠰᠢᠭᠰᠢᠬᠡ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠵᠤ᠂ ᠡᠯ᠎ᠡ ᠠᠶᠢᠮᠠᠭ ᠬᠤᠳᠠ ᠶᠢᠨ ᠨᠠᠶᠢᠷᠠᠯ ᠬᠥᠭᠵᠢᠮ ᠤᠨ ᠪᠦᠯᠬᠦᠮ᠂ ᠤᠷᠠᠯᠢᠭ ᠵᠦᠴᠦᠭᠡ ᠶᠢᠨ ᠬᠦᠷᠢᠶᠡᠯᠡᠩ᠂ ᠤᠯᠠᠭᠠᠨᠮᠥ᠋ᠴᠢᠷ ᠵᠡᠷᠭᠡ ᠭᠦᠷᠢᠶ᠎ᠠ ᠴᠠᠷᠠᠭᠠᠨ ᠤ ᠤᠯᠠᠨ ᠰᠢᠯᠢᠳᠡᠭ ᠪᠦᠯᠬᠦᠮ ᠪᠣᠯᠣᠨ ᠬᠤᠪᠢ ᠬᠥᠮᠥᠨ ᠤᠷᠤᠯᠳᠤᠭᠠᠨ ᠳᠤ ᠤᠷᠤᠯᠴᠠᠵᠡᠢ᠃
    ᠲᠣᠰ ᠤᠳᠠᠭᠠᠨ ᠤ ᠰᠢᠭᠰᠢᠬᠡ ᠤᠷᠤᠯᠳᠤᠭᠠᠨ ᠳᠤ ᠨᠡᠶᠢᠲᠡ 166 ᠪᠦᠲᠦᠭᠡᠯ ᠤᠷᠤᠯᠴᠠᠵᠦ᠂ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠭᠤᠴᠣᠯᠠᠯ ᠬᠥᠭᠵᠢᠮ ᠪᠠ ᠬᠤᠣᠰᠯᠠᠯ ᠬᠥᠭᠵᠢᠮ᠂ ᠨᠠᠶᠢᠷᠠᠯ ᠭᠦᠭᠵᠢᠮ ᠵᠡᠷᠭᠡ ᠣᠯᠠᠨ ᠵᠦᠢᠯ ᠤᠨ ᠲᠣᠭᠯᠠᠯᠲᠠ ᠶᠢᠨ ᠬᠡᠯᠪᠡᠷᠢ ᠶᠢ ᠬᠠᠮᠤᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠭᠦᠭᠵᠢᠯᠳᠠ ᠪᠠ ᠰᠢᠨ᠎ᠡ ᠡᠭᠦᠳᠦᠯᠲᠡ ᠶᠢ ᠢᠯᠡᠷᠡᠭᠦᠯᠦᠭᠰᠡᠨ ᠪᠠᠶᠢᠨ᠎ᠠ᠃
    ᠰᠢᠭᠰᠢᠬᠡ ᠤᠷᠤᠯᠳᠤᠭᠠᠨ ᠤ ᠡᠷᠴᠢ ᠭᠦᠭ ᠲᠠᠢ ᠶᠠᠪᠤᠭᠳᠠᠬᠤ ᠶᠢ ᠳᠠᠭᠠᠯᠳᠤᠨ᠂ 93 ᠪᠦᠲᠦᠭᠡᠯ ᠪᠣᠯᠣᠨ 300 ᠭᠠᠷᠤᠢ ᠭᠦᠭᠵᠢᠮᠴᠢᠨ ᠰᠢᠢᠳᠪᠦᠷᠢᠲᠦ ᠤᠷᠤᠯᠳᠤᠭᠠᠨ ᠳᠤ ᠠᠮᠵᠢᠯᠲᠠ ᠲᠠᠢ ᠳᠠᠪᠰᠢᠵᠤ᠂ ᠦᠵᠡᠭᠴᠢᠳ ᠤᠯᠠᠨ ᠳᠠᠭᠠᠨ ᠨᠡᠩ ᠭᠤᠶᠢᠳᠠ ᠰᠠᠶᠢᠬᠠᠨ ᠭᠦᠭᠵᠢᠮ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮ ᠤᠨ ᠦᠢᠯᠡᠰ ᠲᠤ ᠰᠢᠨ᠎ᠠ  ᠬᠠᠭᠤᠳᠠᠰᠣ ᠶᠢ ᠦᠷᠭᠦᠯᠵᠢᠯᠡᠨ ᠪᠢᠴᠢᠭᠯᠡᠬᠦ ᠪᠤᠯᠤᠨ᠎ᠠ᠃    ᠰᠢᠢᠳᠪᠦᠷᠢᠲᠦ ᠤᠷᠤᠯᠳᠤᠭᠠᠨ ᠨᠢ 7 ᠰᠠᠷ᠎ᠠ ᠶᠢᠨ 25᠎ — 26᠎ ᠤ ᠡᠳᠦᠷ ᠪᠠᠷᠠᠭᠤᠨ ᠦᠵᠦᠮᠦᠴᠢᠨ ᠬᠤᠰᠢᠭᠤᠨ  ᠳᠤ ᠶᠠᠪᠤᠭᠳᠠᠵᠦ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠰᠢᠭᠤᠳ ᠨᠠᠪᠳᠠᠷᠠᠬᠦᠯᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号