ᠮᠠᠯᠴᠢᠨ ᠵᠠᠯᠠᠭᠤ ᠦᠪᠡᠷ ᠢᠶᠠᠨ ᠫᠧᠩ ᠪᠠᠷᠢᠭᠠᠳ 3 ᠲᠦᠮᠡᠨ ᠲᠦᠭᠦᠷᠢᠭ ᠠᠷᠪᠢᠯᠠᠯ᠎ᠠ
ᠨᠡᠶᠢᠲᠡᠯᠡᠭᠰᠡᠨ ᠴᠠᠭ᠄
2024/7/26
    ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠪᠠᠶᠠᠠᠬᠤᠭᠤᠯᠠᠲᠤ ᠭᠠᠴᠠᠭ᠎ᠠ ᠪᠠᠷ ᠨᠤᠳᠤᠭᠲᠠᠢ ᠡᠷᠳᠡᠨᠢᠳᠠᠯᠠᠢ ᠠᠵᠢᠯ ᠤᠨ ᠴᠢᠯᠦᠭᠡ ᠵᠠᠪ ᠢᠶᠠᠨ ᠠᠰᠢᠭᠯᠠᠨ ᠦᠪᠡᠷ ᠢᠶᠠᠨ ᠫᠧᠩ ᠪᠠᠷᠢᠭᠠᠳ ᠶᠠᠭᠠᠷᠠᠤᠬᠠᠨ ᠪᠠᠶᠢᠬᠤ ᠰᠤᠷᠠᠭ ᠢᠶᠠᠷ ᠮᠠᠨ ᠤ ᠰᠤᠷᠪᠤᠯᠵᠢᠯᠠᠭ᠎ᠠ ᠶᠢᠨ ᠪᠠᠭ ᠤᠨ ᠬᠢᠨ  ᠵᠤᠷᠢᠨ ᠤᠴᠢᠭᠰᠠᠨ ᠨᠢ ᠡᠨᠡ ᠪᠢᠯᠡ᠃
    ᠲᠡᠯᠭᠡᠷ ᠵᠤᠨ ᠤ  ᠬᠦᠳᠡᠭᠡ ᠨᠤᠳᠤᠭ ᠲᠤ ᠠᠬᠢ  ᠲᠠᠭᠠᠨ᠎ᠠ ᠶᠢᠨ ᠦᠨᠦᠷ ᠰᠡᠩᠭᠢᠨᠡᠵᠦ  ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠮᠠᠯᠴᠢᠨ ᠵᠠᠯᠠᠭᠤ ᠡᠷᠳᠡᠨᠢᠳᠠᠯᠠᠢ ᠴᠦ  ᠴᠠᠭ ᠤᠨ ᠰᠠᠶᠢᠬᠠᠨ᠂ ᠠᠵᠢᠯ ᠤᠨ ᠰᠡᠯᠡᠬᠦᠦ ᠶᠢ ᠠᠰᠢᠭᠯᠠᠨ᠂  ᠠᠮᠢᠳᠤᠷᠠᠯ ᠳᠠᠭᠠᠨ ᠨᠠᠷᠢᠨ ᠲᠠᠩᠰᠠ ᠪᠤᠳᠤᠵᠤ  ᠂ ᠪᠠᠷᠢᠯᠭ᠎ᠠ ᠶᠢᠨ ᠭᠠᠵᠠᠷ ᠠᠵᠢᠯᠯᠠᠵᠤ ᠪᠠᠶᠢᠭᠰᠠᠨ ᠨᠠᠨᠳᠢᠨ ᠲᠤᠷᠰᠢᠯᠭ᠎ᠠ ᠪᠠᠨ ᠦᠢᠯᠡᠳᠪᠦᠷᠢᠯᠡᠯ ᠠᠮᠢᠳᠤᠷᠠᠯ ᠳᠠᠭᠠᠨ ᠠᠰᠢᠭᠯᠠᠬᠤ ᠶᠢ ᠪᠤᠳᠤᠵᠤ᠂ ᠦᠪᠡᠷᠳᠡᠭᠡᠨ ᠵᠢᠷᠤᠵᠤ ᠲᠦᠰᠦᠪᠯᠡᠨ᠂ ᠮᠠᠯ ᠤᠨᠤᠭᠠᠨ ᠳᠤ  ᠪᠠᠨ ᠭᠡᠷᠡᠭᠰᠡᠬᠦ  300  ᠬᠠᠪᠳᠠᠭᠠᠢ ᠲᠦᠷᠪᠡᠯᠵᠢᠨ  ᠮᠧᠲᠷ  ᠲᠠᠯᠠᠪᠠᠢ ᠪᠦᠬᠦᠢ ᠲᠤᠯᠠᠭᠠᠨ ᠫᠧᠩ ᠢᠶᠠᠨ   ᠪᠠᠷᠢᠵᠤ ᠬᠢᠯᠠᠷᠠᠭᠤᠯᠤᠨ᠎ᠠ᠃     ᠠᠮᠢᠳᠤᠷᠠᠯ ᠬᠦᠳᠡᠯᠮᠦᠷᠢᠴᠢ ᠬᠦᠮᠦᠨ ᠳᠤ ᠦᠭᠭᠢᠶᠡᠮᠦᠷᠴᠢ ᠪᠠᠶᠢᠳᠠᠭ ᠤᠨ ᠤᠴᠢᠷ᠂ ᠡᠷᠳᠡᠨᠢᠳᠠᠯᠠᠢ ᠴᠠᠭ ᠵᠠᠪ ᠤᠯᠳᠠᠪᠠᠯ ᠦᠪᠡᠷ ᠤᠨ ᠬᠢᠵᠦ ᠴᠢᠳᠠᠬᠤ ᠬᠡᠪᠴᠢᠶᠡᠨ ᠳᠤ ᠲᠡᠮᠦᠷ ᠭᠠᠩᠨᠠᠬᠤ᠂ ᠰᠢᠪᠡᠷ ᠤᠰᠤᠨ ᠤ ᠠᠵᠢᠯ᠂ ᠭᠡᠷ ᠲᠤᠳᠤᠷᠠᠬᠢ ᠲᠦᠬᠦᠮ ᠵᠠᠰᠠᠯ ᠴᠢᠮᠡᠭᠯᠡᠯ ᠤᠨ ᠠᠵᠢᠯ ᠬᠡᠬᠦᠴᠢᠯᠡᠨ ᠪᠦᠬᠦᠨ ᠢ ᠦᠪᠡᠷᠳᠡᠬᠡᠨ ᠠᠮᠵᠢᠭᠤᠯᠵᠤ᠂ ᠪᠠᠭ᠎ᠠ ᠪᠤᠰᠤ ᠵᠤᠭᠤᠰ ᠮᠦᠩᠭᠦ ᠠᠷᠪᠢᠯᠠᠨ᠂ ᠠᠮᠢᠳᠤᠷᠠᠯ ᠤᠨ ᠵᠠᠷᠤᠯᠭ᠎ᠠ ᠪᠠᠨ  ᠪᠠᠭᠠᠰᠬᠠᠵᠤ᠂ ᠨᠠᠷᠢᠨ ᠲᠠᠩᠰᠠ ᠪᠣᠳᠣᠨ᠂ ᠰᠢᠷᠭᠠᠭᠤ ᠬᠦᠳᠡᠯᠮᠦᠷᠢᠴᠢ ᠬᠤᠶᠠᠷ ᠭᠠᠷ ᠢᠶᠠᠷ  ᠢᠶᠠᠨ ᠠᠮᠢᠳᠤᠷᠠᠯ ᠦᠢᠯᠡᠰ ᠢᠶᠠᠨ ᠴᠤᠭᠴᠠᠯᠠᠵᠤ ᠶᠠᠭᠠᠷᠠᠨ᠎ᠠ᠃ᠤᠶᠢᠯᠠᠭᠠᠭᠰᠠᠨ ᠢᠶᠠᠷ᠂ ᠡᠷᠳᠡᠨᠢᠳᠠᠯᠠᠢ ᠫᠧᠩ ᠢᠶᠠᠨ ᠪᠠᠷᠢᠬᠤ ᠳᠤ ᠪᠦᠬᠦ ᠮᠠᠲ᠋ᠧᠷᠢᠶᠠᠯ ᠢᠶᠠᠨ ᠪᠠᠶᠠᠩᠬᠤᠸᠠ ᠪᠠᠯᠭᠠᠰᠤᠨ ᠠᠴᠠ ᠴᠢᠨᠠᠷ ᠰᠠᠶᠢᠲᠠᠢ ᠶᠢ ᠨᠢ ᠬᠤᠳᠠᠯᠳᠤᠨ ᠠᠪᠴᠤ᠂ ᠪᠤᠰᠤᠳ ᠪᠠᠭ᠎ᠠ ᠰᠠᠭ᠎ᠠ ᠵᠠᠷᠤᠳᠠᠯ ᠪᠠ ᠲᠡᠷᠭᠡᠨ ᠲᠤᠰᠤ ᠲᠠᠢ ᠪᠠᠨ ᠦᠨᠳᠦᠰᠦᠨ ᠳᠤ ᠪᠠᠨ 29000 ᠲᠦᠮᠡᠨ ᠲᠦᠭᠦᠷᠢᠭ ᠵᠠᠷᠤᠴᠠᠭᠤᠯᠵᠤ᠂ ᠪᠤᠰᠤᠳ ᠬᠦᠮᠦᠨ ᠢ ᠬᠦᠯᠦᠰᠦᠯᠡᠨ ᠪᠠᠷᠢᠭᠤᠯᠤᠭᠰᠠᠨ ᠠᠴᠠ ᠪᠠᠨ ᠪᠠᠭ᠎ᠠ ᠳᠤ ᠪᠠᠨ 3 ᠲᠦᠮᠡᠨ ᠲᠦᠭᠦᠷᠢᠭ ᠠᠷᠪᠢᠯᠠᠭᠰᠠᠨ‌‍ᠪᠠᠶᠢᠨ᠎ᠠ᠃     ᠡᠬᠦᠨ ᠤ ᠵᠡᠷᠭᠡᠪᠡᠷ᠂ ᠡᠷᠳᠡᠨᠢᠳᠠᠯᠠᠢ ᠪᠠᠰᠠ ᠤᠶᠢᠷ᠎ᠠ ᠬᠠᠪᠢ ᠳᠤ ᠪᠠᠨ ᠨᠡᠷᠡᠲᠠᠢ ᠰᠠᠶᠢᠨ ᠡᠮᠨᠢᠭᠴᠢᠨ ᠪᠠᠶᠢᠵᠤ᠂ ᠵᠢᠯ ᠳᠤ  ᠪᠠᠨ ᠡᠮᠨᠢᠭ ᠤᠨᠤᠵᠤ ᠰᠤᠷᠭᠠᠨ ᠠᠮᠢᠳᠤᠷᠠᠯ ᠳᠤ ᠪᠠᠨ ᠪᠠᠭ᠎ᠠ ᠪᠤᠰᠤ ᠤᠷᠤᠯᠭ᠎ᠠ ᠨᠡᠮᠡᠷᠢᠯᠡᠨ᠂ ᠪᠦᠰᠡᠬᠦᠢ ᠤᠳᠬᠠᠠᠲᠤᠶᠠᠭ᠎ᠠ‌‍ᠲ᠋ᠠᠢ  ᠪᠠᠨ ᠬᠠᠮᠳᠤ ᠰᠠᠨᠠᠭ᠎ᠠ ᠵᠠᠶᠠᠭ᠎ᠠ ᠪᠠᠨ ᠨᠢᠭᠡᠳᠬᠡᠨ᠂ ᠵᠤᠯ ᠵᠢᠷᠭᠠᠯᠲᠤ ᠠᠮᠢᠳᠤᠷᠠᠯ ᠢᠶᠠᠨ ᠴᠤᠭᠴᠠᠯᠠᠨ᠂ ᠰᠢᠨ᠎ᠡ ᠡᠷᠡᠨ ᠤ ᠰᠢᠯᠢᠳᠡᠭ ᠮᠠᠯᠴᠢᠨ ᠤ ᠡᠩᠨᠡᠭᠡᠨ ᠳᠤ ᠰᠢᠭᠤᠷᠬᠠᠶᠢᠯᠠᠨ ᠲᠡᠮᠡᠦᠯᠡᠨ᠎ᠡ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号