ᠪᠦᠬᠦ ᠤᠯᠤᠰ ᠲᠤ ᠨᠢᠭᠡᠳᠦᠯᠲᠡᠢ ᠬᠥᠮᠥᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/26
     ᠰᠢᠨᠬᠤᠸᠠ ᠬᠤᠷᠢᠶᠠᠨ ᠤ 7 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ   ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ 21 ᠤ ᠡᠳᠦᠷ ᠨᠡᠶᠢᠲᠡᠯᠡᠪᠡ᠂ ᠲᠣᠭᠲᠠᠭᠠᠯ ᠳᠤ ᠪᠥᠬᠦ ᠤᠯᠤᠰ ᠲᠤ ᠨᠢᠭᠡᠳᠦᠯᠲᠡᠢ ᠬᠥᠮᠥᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠬᠤ᠂ ᠨᠡᠶᠢᠭᠡᠮ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠭᠰᠠᠨ ᠨᠡᠶᠢᠭᠡᠮ ᠤᠨ ᠵᠠᠰᠠᠯᠲᠠ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠲᠠᠯ᠎ᠠ ᠪᠠᠷ ᠬᠢ ᠠᠯᠢ ᠣᠯᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠬᠥᠮᠥᠨ ᠠᠮᠠ ᠶᠢᠨ ᠬᠠᠮᠢᠶᠠᠷᠤᠯᠲᠠ ᠪᠣᠯ ᠨᠡᠶᠢᠭᠡᠮ ᠤᠨ ᠵᠠᠰᠠᠯᠲᠠ ᠶᠢᠨ ᠨᠢᠭᠡ ᠵᠦᠢᠯ ᠤᠨ ᠰᠠᠭᠤᠷᠢ ᠪᠣᠯᠬᠤ ᠴᠢᠨᠠᠷᠲᠠᠢ ᠠᠵᠢᠯ ᠪᠣᠯᠣᠨ᠎ᠠ᠃ ᠲᠣᠭᠲᠠᠭᠠᠯ ᠳᠤ᠂ ᠪᠦᠬᠦ ᠤᠯᠤᠰ ᠲᠤ ᠨᠢᠭᠡᠳᠦᠯᠲᠡᠢ ᠬᠥᠮᠥᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ ᠭᠡᠵᠦ ᠳᠤᠷᠠᠳᠴᠠᠢ᠃ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠠᠮᠤᠷ ᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠦ᠋ ᠰᠢᠶᠠᠨ ᠵᠢᠶᠠᠩ᠂ ᠪᠥᠬᠦ ᠤᠯᠤᠰ ᠲᠤ ᠨᠢᠭᠡᠳᠦᠯᠲᠡᠢ ᠬᠥᠮᠥᠨ ᠠᠮᠠ ᠶᠢᠨ ᠬᠠᠮᠢᠶᠠᠷᠤᠯᠲᠠ ᠶᠢᠨ ᠳᠦᠷᠢᠮ  ᠨᠢ ᠬᠥᠮᠥᠨ ᠠᠮᠠ ᠶᠢᠨ ᠳᠠᠩᠰᠠᠯᠠᠯᠲᠠ ᠶᠢᠨ ᠬᠠᠮᠢᠶᠠᠷᠤᠯᠲᠠ᠂ ᠬᠥᠮᠥᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠬᠠᠮᠤᠷᠴᠤ ᠪᠠᠶᠢᠨ᠎ᠠ᠃ ᠤᠯᠤᠰ ᠤᠨ ᠲᠠᠯ᠎ᠠ ᠠᠴᠠ ᠬᠥᠮᠥᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠨᠢᠭᠡᠳᠦᠯᠲᠡᠢ ᠲᠥᠯᠥᠪᠯᠡᠬᠦ   ᠨᠢ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠵᠤ᠂ ᠠᠷᠠᠳ ᠢᠷᠭᠡᠳ ᠤᠨ ᠨᠡᠶᠢᠭᠡᠮ ᠤᠨ ᠠᠮᠢᠳᠤᠷᠠᠯ ᠳᠤ ᠳᠥᠭᠦᠮ ᠦᠵᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠵᠡᠷᠭᠡ ᠪᠠᠷ ᠨᠡᠶᠢᠭᠡᠮ ᠤᠨ ᠵᠠᠰᠠᠯᠲᠠ᠂ ᠤᠯᠤᠰ ᠤᠨ ᠠᠮᠤᠷ ᠲᠦᠪᠰᠢᠨ ᠳᠤ ᠰᠠᠭᠤᠷᠢᠯᠠᠬᠤ ᠴᠢᠨᠠᠷᠲᠠᠢ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠦ ᠦᠵᠡᠪᠡ᠃      ᠲᠣᠭᠲᠠᠭᠠᠯ ᠳᠤ᠂ ᠨᠡᠶᠢᠭᠡᠮ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠲᠥᠪ ᠤᠨ ᠨᠡᠶᠢᠭᠡᠮ ᠤᠨ ᠠᠵᠢᠯ ᠤᠨ ᠶᠠᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠷ ᠢᠯᠡᠷᠬᠡᠶᠢᠯᠡᠬᠦ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠵᠢᠯᠲᠠᠨ ᠤ ᠡᠩᠨᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠨᠡᠶᠢᠭᠡᠮ ᠤᠨ ᠠᠵᠢᠯᠲᠠᠨ ᠤ ᠡᠩᠨᠡᠭᠡ ᠶᠢ ᠪᠣᠯᠪᠠᠰᠤᠷᠠᠭᠤᠯᠬᠤ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠪᠠᠲᠤᠯᠠᠭ᠎ᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯᠲᠠᠨ ᠤ ᠡᠩᠨᠡᠭᠡ ᠪᠠᠨ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠵᠦ᠂ ᠳᠡᠮᠵᠢᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠵᠦ᠂ ᠨᠡᠩ ᠤᠯᠠᠨ ᠬᠥᠮᠥᠰ ᠲᠤ ᠣᠷᠣᠯᠴᠠᠬᠤ ᠠᠷᠭ᠎ᠠ ᠵᠠᠮ ᠲᠠᠢ᠂ ᠠᠴᠢᠶᠠᠯᠠᠪᠤᠷᠢ ᠲᠠᠢ᠂ ᠪᠠᠶᠢᠩᠭᠤ ᠶᠢᠨ ᠪᠠᠶᠢᠳᠠᠯ ᠲᠠᠢ ᠪᠣᠯᠭᠠᠨ᠎ᠠ ᠭᠡᠵᠡᠢ᠃      ᠲᠣᠭᠲᠠᠭᠠᠯ ᠳᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠬᠠᠯᠠᠮᠰᠢᠯ ᠤᠲᠠᠰᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠴᠢᠩᠭᠠᠷᠠᠭᠤᠯᠤᠨ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠭᠤᠣᠯᠳᠠᠯᠭ᠎ᠠ ᠪᠣᠯᠬᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠭᠡᠵᠦ ᠳᠤᠷᠠᠳᠴᠠᠢ᠃      ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠮᠥᠨ ᠰᠣᠶᠣᠯ ᠪᠠ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠯᠢᠦ ᠽᠧ ᠵᠢᠶᠦ᠋ᠨ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠨᠢ ᠲᠦᠭ ᠲᠦᠮᠡᠨ ᠠᠶᠢᠯ ᠡᠷᠦᠬᠡ ᠶᠢᠨ ᠲᠤᠰ ᠪᠡᠶ᠎ᠡ ᠶᠢᠨ ᠠᠰᠢᠭ ᠲᠤᠰᠠ   ᠯᠤᠭ᠎ᠠ ᠬᠤᠯᠪᠣᠭᠳᠠᠵᠤ ᠪᠠᠶᠢᠭ᠎ᠠ ᠪᠣᠯᠬᠤᠷ᠂ ᠪᠣᠳᠠᠲᠠᠢ ᠪᠥᠭᠡᠳ ᠬᠦᠴᠦᠲᠡᠢ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠬᠤ ᠴᠢᠬᠤᠯᠠᠲᠠᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠴᠢᠩᠭᠠᠳᠬᠠᠬᠤ ᠪᠠᠷ ᠳᠠᠮᠵᠢᠭᠤᠯᠵᠤ᠂ ᠭᠤᠣᠯᠳᠠᠯᠭ᠎ᠠ ᠪᠣᠯᠬᠤ ᠵᠦᠢᠯᠡᠰ ᠤᠨ ᠲᠣᠳᠣᠷᠬᠠᠢ ᠬᠠᠭᠤᠳᠠᠰᠤ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠷᠠᠳ ᠤᠯᠠᠨ ᠳᠤ ᠦᠨᠡᠨ ᠬᠦ ᠥᠭᠡᠷᠡᠴᠢᠯᠡᠯᠲᠡ ᠶᠢᠨ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ ᠭᠡᠵᠦ ᠦᠵᠡᠪᠡ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号