7 ᠰᠠᠷ᠎ᠠ ᠶᠢᠨ 23 ᠠᠴᠠ 24 ᠤ ᠡᠳᠦᠷ᠂ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠰᠢᠭᠰᠢᠬᠡ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ | ᠶᠠᠪᠤᠭᠳᠠᠵᠤ᠂ ᠡᠯ᠎ᠡ ᠠᠶᠢᠮᠠᠭ ᠬᠤᠳᠠ ᠶᠢᠨ ᠨᠠᠶᠢᠷᠠᠯ ᠬᠥᠭᠵᠢᠮ ᠤᠨ ᠪᠦᠯᠬᠦᠮ᠂ ᠤᠷᠠᠯᠢᠭ ᠵᠦᠴᠦᠭᠡ ᠶᠢᠨ | ᠬᠦᠷᠢᠶᠡᠯᠡᠩ᠂ ᠤᠯᠠᠭᠠᠨᠮᠥ᠋ᠴᠢᠷ ᠵᠡᠷᠭᠡ ᠭᠦᠷᠢᠶ᠎ᠠ ᠴᠠᠷᠠᠭᠠᠨ ᠤ ᠤᠯᠠᠨ ᠰᠢᠯᠢᠳᠡᠭ ᠪᠦᠯᠬᠦᠮ ᠪᠣᠯᠣᠨ ᠬᠤᠪᠢ ᠬᠥᠮᠥᠨ | ᠤᠷᠤᠯᠳᠤᠭᠠᠨ ᠳᠤ ᠤᠷᠤᠯᠴᠠᠵᠡᠢ᠃ | | ᠲᠣᠰ ᠤᠳᠠᠭᠠᠨ ᠤ ᠰᠢᠭᠰᠢᠬᠡ ᠤᠷᠤᠯᠳᠤᠭᠠᠨ ᠳᠤ ᠨᠡᠶᠢᠲᠡ 166 ᠪᠦᠲᠦᠭᠡᠯ ᠤᠷᠤᠯᠴᠠᠵᠦ᠂ ᠡᠯᠪᠡᠭ ᠪᠠᠶᠠᠯᠢᠭ | ᠣᠯᠠᠨ ᠶᠠᠩᠵᠤ ᠶᠢᠨ ᠪᠠᠶᠢᠵᠤ᠂ ᠭᠤᠴᠣᠯᠠᠯ ᠬᠥᠭᠵᠢᠮ ᠪᠠ ᠬᠤᠣᠰᠯᠠᠯ ᠬᠥᠭᠵᠢᠮ᠂ ᠨᠠᠶᠢᠷᠠᠯ ᠭᠦᠭᠵᠢᠮ ᠵᠡᠷᠭᠡ ᠣᠯᠠᠨ | ᠵᠦᠢᠯ ᠤᠨ ᠲᠣᠭᠯᠠᠯᠲᠠ ᠶᠢᠨ ᠬᠡᠯᠪᠡᠷᠢ ᠶᠢ ᠬᠠᠮᠤᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠮ ᠤᠨ ᠭᠦᠭᠵᠢᠯᠳᠠ ᠪᠠ ᠰᠢᠨ᠎ᠡ ᠡᠭᠦᠳᠦᠯᠲᠡ ᠶᠢ ᠢᠯᠡᠷᠡᠭᠦᠯᠦᠭᠰᠡᠨ ᠪᠠᠶᠢᠨ᠎ᠠ᠃ | | ᠰᠢᠭᠰᠢᠬᠡ ᠤᠷᠤᠯᠳᠤᠭᠠᠨ ᠤ ᠡᠷᠴᠢ ᠭᠦᠭ ᠲᠠᠢ ᠶᠠᠪᠤᠭᠳᠠᠬᠤ ᠶᠢ ᠳᠠᠭᠠᠯᠳᠤᠨ᠂ 93 ᠪᠦᠲᠦᠭᠡᠯ ᠪᠣᠯᠣᠨ 300 | ᠭᠠᠷᠤᠢ ᠭᠦᠭᠵᠢᠮᠴᠢᠨ ᠰᠢᠢᠳᠪᠦᠷᠢᠲᠦ ᠤᠷᠤᠯᠳᠤᠭᠠᠨ ᠳᠤ ᠠᠮᠵᠢᠯᠲᠠ ᠲᠠᠢ ᠳᠠᠪᠰᠢᠵᠤ᠂ ᠦᠵᠡᠭᠴᠢᠳ ᠤᠯᠠᠨ ᠳᠠᠭᠠᠨ | ᠨᠡᠩ ᠭᠤᠶᠢᠳᠠ ᠰᠠᠶᠢᠬᠠᠨ ᠭᠦᠭᠵᠢᠮ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮ ᠤᠨ ᠦᠢᠯᠡᠰ ᠲᠤ ᠰᠢᠨ᠎ᠠ ᠬᠠᠭᠤᠳᠠᠰᠣ ᠶᠢ ᠦᠷᠭᠦᠯᠵᠢᠯᠡᠨ | ᠪᠢᠴᠢᠭᠯᠡᠬᠦ ᠪᠤᠯᠤᠨ᠎ᠠ᠃ | ᠰᠢᠢᠳᠪᠦᠷᠢᠲᠦ ᠤᠷᠤᠯᠳᠤᠭᠠᠨ ᠨᠢ 7 ᠰᠠᠷ᠎ᠠ ᠶᠢᠨ 25 — 26 ᠤ ᠡᠳᠦᠷ ᠪᠠᠷᠠᠭᠤᠨ ᠦᠵᠦᠮᠦᠴᠢᠨ | ᠬᠤᠰᠢᠭᠤᠨ ᠳᠤ ᠶᠠᠪᠤᠭᠳᠠᠵᠦ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ | ᠰᠢᠭᠤᠳ ᠨᠠᠪᠳᠠᠷᠠᠬᠦᠯᠬᠦ ᠪᠤᠯᠤᠨ᠎ᠠ᠃ |