ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠤᠳᠠᠭᠠᠨ ᠤ ᠲᠠᠯ᠎ᠠ ᠨᠤᠳᠤᠭ ᠤᠨ ︽99 ᠨᠣᠮᠧᠷᠲᠦ ᠵᠠᠮ︾ ᠳᠠᠭᠤᠤ ᠣᠷᠠᠯᠢᠭ ᠤᠨ ᠨᠠᠶᠢᠷ ᠬᠥᠭᠵᠢᠶᠡᠨᠲᠡᠢ ᠡᠬᠢᠯᠡᠯ᠎ᠡ
ᠨᠡᠶᠢᠲᠡᠯᠡᠭᠰᠡᠨ ᠴᠠᠭ᠄
2024/7/29
   7 ᠰᠠᠷ᠎ᠠ ᠶᠢᠨ 27᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠤᠳᠠᠭᠠᠨ ᠤ ᠲᠠᠯ᠎ᠠ ᠨᠤᠳᠤᠭ ᠤᠨ ︽99 ᠨᠣᠮᠧᠷᠲᠦ ᠵᠠᠮ︾ ᠳᠠᠭᠤᠤ ᠣᠷᠠᠯᠢᠭ ᠤᠨ ᠨᠠᠶᠢᠷ  ᠴᠠᠭᠠᠨ ᠠᠳᠣᠭᠤᠨ ᠤ ᠰᠣᠶᠤᠯ ᠤᠨ ᠬᠦᠷᠢᠶᠡᠯᠡᠩ  ᠳᠤ  ᠬᠥᠭᠵᠢᠶᠡᠨᠲᠡᠢ  ᠡᠬᠢᠯᠡᠯ᠎ᠡ᠃
    ᠦᠳᠡ ᠶᠢᠨ ᠬᠤᠶᠢᠨᠠᠬᠢ ᠲᠠᠪᠤᠨ ᠴᠠᠭ ᠲᠤ᠂ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠳᠠᠭᠤᠤ ᠤᠷᠠᠯᠢᠭ ᠎ ᠤᠨ ᠨᠠᠶᠢᠷ ᠬᠥᠰᠢᠭᠡ ᠪᠠᠨ ᠰᠡᠬᠦᠵᠦ᠂ PSYKHON ᠬᠠᠮᠲᠤᠯᠢᠭ EILSEG᠂ 9596 ᠬᠠᠮᠳᠤᠯᠢᠭ᠂ CLASSMATE ᠬᠠᠮᠲᠤᠯᠢᠭ ᠵᠡᠷᠭᠡ ᠬᠤᠷᠢ ᠭᠠᠷᠣᠢ ᠨᠡᠷᠡᠲᠦ ᠳᠠᠭᠤᠴᠢᠳ ᠴᠤᠭᠯᠢᠭ ᠢᠷᠠᠭᠤ ᠣᠶᠠᠩᠭ᠎ᠠ ᠳᠠᠭᠤᠣ ᠪᠠᠷ ᠢᠶᠠᠨ ᠦᠵᠦᠮᠦᠴᠢᠨ ᠨᠤᠲᠤᠭ ᠤᠨ ᠬᠦᠮᠦᠨ ᠠᠷᠠᠳ᠂ ᠡᠯ᠎ᠡ ᠭᠠᠵᠠᠷ ᠤᠨ ᠵᠢᠭᠤᠯᠴᠢᠯᠠᠭᠴᠢᠳ ᠤᠨ ᠬᠠᠷᠠᠭ᠎ᠠ ᠰᠣᠨᠣᠷ ᠢ ᠪᠠᠶᠠᠰᠬᠠᠵᠤ᠂ ᠬᠠᠮᠲᠤᠪᠡᠷ ᠳᠠᠭᠤᠯᠠᠨ ᠪᠥᠵᠢᠭᠯᠡᠵᠦ᠂ ᠵᠤᠨ ᠤ ᠦᠳᠡᠰᠢ ᠶᠢ ᠨᠠᠶᠢᠷ ᠳᠠᠭᠤᠤ ᠪᠠᠷ ᠴᠢᠮᠡᠨ᠂ ᠠᠬᠤᠢ ᠲᠠᠯᠠᠪᠠᠢ ᠶᠢ  ᠪᠠᠶᠠᠷ ᠬᠦᠷ ᠢᠶᠠᠷ ᠪᠢᠯᠬᠠᠭᠤᠯᠵᠠᠢ᠃
    ᠲᠤᠰ ᠲᠠᠯᠠᠪᠠᠢ ᠶᠢᠨ ᠬᠦᠨᠳᠦᠲᠦ ᠵᠣᠴᠢᠨ ᠤ ᠨᠢᠭᠡ ᠪᠣᠯᠤᠭᠰᠠᠨ ᠶᠢᠰᠦᠨ ᠡᠷᠳᠡᠨᠢ ᠬᠠᠮᠳᠤᠯᠢᠭ ᠤᠨ ᠲᠤᠰᠬᠠᠢ ᠲᠤᠭᠯᠠᠯᠲᠠ ᠨᠢ ᠲᠤᠰ ᠦᠳᠡᠰᠢ ᠶᠢᠨ ᠬᠠᠮᠤᠭ ᠤᠨ ᠦᠷᠬᠢᠯ ᠴᠡᠭ ᠪᠤᠯᠵᠤ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠪᠣᠯᠣᠨ ᠦᠵᠡᠭᠴᠢᠳ ᠳᠠᠭᠤᠤ ᠬᠥᠭᠵᠢᠮ ᠤᠨ ᠠᠶᠢᠵᠠᠮ ᠴᠣᠬᠢᠯᠭ᠎ᠠ ᠶᠢ ᠎ ᠲᠠᠭᠠᠨ ᠪᠠᠶᠠᠰᠴᠤ ᠳᠠᠭᠤᠯᠠᠨ ᠪᠦᠵᠢᠭᠯᠡᠵᠦ᠂ ᠡᠨᠡᠬᠦ ᠮᠠᠷᠳᠠᠭᠳᠠᠰᠢ ᠦᠭᠡᠢ ᠴᠠᠭ ᠮᠦᠴᠡ ᠶᠢ ᠭᠠᠷ ᠤᠲᠠᠰᠤ ᠪᠠᠷ ᠢᠶᠠᠨ ᠰᠢᠩᠭᠡᠭᠡᠨ ᠲᠡᠮᠳᠡᠭᠯᠡᠵᠦ᠂ ᠳᠠᠭᠤᠤ ᠤᠷᠠᠯᠢᠭ ᠤᠨ ᠷᠢᠳᠢ ᠰᠢᠳᠢ ᠳᠤ ᠰᠤᠭᠳᠤᠭᠤᠷᠠᠨ᠎ᠠ᠃
   ᠣᠶᠢᠯᠠᠭᠠᠭᠰᠠᠨ ᠢᠶᠠᠷ᠂ ᠶᠢᠰᠦᠨ ᠡᠷᠳᠡᠨᠢ ᠬᠠᠮᠳᠤᠯᠢᠭ ᠤᠨ ᠨᠠᠮᠤᠷ᠂ ᠪᠠᠭᠠᠲᠤᠷ᠂ ᠵᠢᠷᠠᠨᠳᠠᠢ ᠨᠠᠷ ᠪᠤᠯ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠪᠠᠶᠢᠵᠤ᠂ ᠲᠠᠭᠤᠤ ᠤᠷᠠᠯᠢᠭ ᠤᠨ ᠦᠢᠯᠡᠰ ᠲᠤ ᠭᠠᠪᠰᠢᠭᠠᠶᠢᠯᠠᠨ᠂ ᠨᠤᠳᠤᠭ ᠤᠰᠤᠨ ᠤ ᠪᠠᠨ ᠠᠯᠳᠠᠷ ᠢ ᠡᠷᠬᠦᠵᠦ ᠶᠠᠪᠤᠭ᠎ᠠ ᠳᠤ ᠪᠠᠶᠠᠷᠯᠠᠨ ᠲᠠᠯᠠᠷᠬᠠᠵᠤ ᠪᠠᠶᠢᠭ᠎ᠠ ᠰᠡᠳᠬᠢᠯ ᠢᠶᠠᠨ ᠢᠯᠡᠳᠬᠡᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠤᠳᠠᠭᠠᠨ ᠤ ᠲᠠᠯ᠎ᠠ ᠨᠤᠳᠤᠭ ᠤᠨ ︽99 ᠨᠣᠮᠧᠷᠲᠦ ᠵᠠᠮ︾ ᠳᠠᠭᠤᠤ ᠣᠷᠠᠯᠢᠭ ᠤᠨ ᠨᠠᠶᠢᠷ ᠢ ᠭᠤᠣᠯᠯᠠᠨ ᠡᠷᠬᠢᠯᠡᠵᠦ ᠪᠠᠶᠢᠭ᠎ᠠ ᠪᠠᠶᠢᠭᠤᠯᠭ᠎ᠠ ᠨᠢᠭᠡᠴᠡ ᠠᠴᠠ ᠲᠡᠳᠡᠨ ᠳᠤ ᠡᠨᠡᠬᠦ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠴᠠᠭ ᠮᠥᠴᠡ ᠳᠤ ᠲᠠᠭᠤᠤ ᠤᠷᠠᠯᠢᠭ ᠤᠨ ᠬᠤᠪᠢ ᠨᠡᠮᠡᠷᠢ ᠶᠢᠨ ᠱᠠᠩᠨᠠᠯ ᠣᠯᠭᠤᠵᠤ᠂ ᠲᠡᠳᠡᠨ ᠤ ᠨᠤᠲᠤᠭ ᠤᠰᠤᠨ ᠤ ᠪᠠᠨ ᠰᠣᠶᠣᠯ ᠤᠨ ᠦᠢᠯᠡᠰ ᠤᠨ ᠬᠥᠭᠵᠢᠯ ᠴᠡᠴᠡᠭᠯᠡᠯ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠭᠰᠠᠨ ᠰᠡᠳᠬᠢᠯᠭᠡ ᠪᠠᠨ ᠢᠯᠡᠳᠬᠡᠵᠡᠢ᠃    ᠲᠣᠰ ᠣᠳᠠᠭᠠᠨ ᠤ ᠬᠤᠶᠠᠳᠤᠭᠠᠷ ᠤᠳᠠᠭᠠᠨ ᠤ ᠲᠠᠯ᠎ᠠ ᠨᠤᠳᠤᠭ ᠤᠨ ︽99 ᠨᠣᠮᠧᠷᠲᠦ ᠵᠠᠮ︾  ᠳᠠᠭᠤᠤ ᠣᠷᠠᠯᠢᠭ ᠤᠨ ᠨᠠᠶᠢᠷ ᠨᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠨᠢᠭᠡᠨ ᠬᠢᠯᠠᠰ ᠪᠠᠶᠢᠵᠤ᠂ ᠪᠥᠬᠦ ᠤᠯᠤᠰ ᠤᠨ ᠡᠯ᠎ᠡ ᠭᠠᠵᠠᠷ ᠤᠨ  ᠵᠢᠭᠤᠯᠴᠢᠯᠠᠭᠴᠢᠳ ᠤᠨ ᠰᠣᠨᠢᠷᠬᠠᠯ ᠢ ᠲᠠᠲᠠᠵᠤ᠂ ᠲᠠᠯ᠎ᠠ ᠨᠤᠲᠤᠭ ᠤᠨ ᠰᠣᠶᠣᠯ ᠢ ᠪᠥᠬᠦ ᠲᠠᠯ᠎ᠠ ᠪᠠᠷ ᠰᠣᠷᠲᠠᠯᠴᠢᠯᠠᠨ ᠤᠬᠠᠭᠤᠯᠵᠤ᠂ ᠲᠠᠯ᠎ᠠ ᠨᠤᠲᠤᠭ ᠤᠨ ᠰᠣᠶᠣᠯ ᠤᠨ ᠰᠢᠨ᠎ᠡ ᠠᠮᠢ ᠠᠬᠤᠢ ᠶᠢ ᠪᠣᠶ ᠪᠣᠯᠭᠠᠵᠤ᠂ ᠵᠢᠭᠤᠯᠴᠢᠯᠠᠯ᠂ ᠬᠡᠷᠡᠭᠯᠡᠭᠡ᠂ ᠦᠢᠯᠡᠴᠢᠯᠡᠭᠡᠨ ᠤ ᠠᠵᠢᠯ ᠲᠥᠷᠥᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号