ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠣᠶᠤᠨ ᠰᠠᠨᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/7/3
      ᠴᠤᠩᠬᠤᠪᠴᠢ ᠶᠢᠨ ᠦᠢᠯᠡᠴᠢᠯᠡᠭᠡᠨ ᠤ ᠠᠵᠢᠯᠲᠠᠳ ᠤᠨ ᠰᠡᠳᠬᠢᠴᠡ ᠶᠢᠨ ᠡᠷᠡᠭᠦᠯ ᠮᠡᠨᠳᠦ ᠪᠠᠨ ᠠᠩᠬᠠᠷᠴᠤ᠂ ᠥᠪᠡᠷ ᠤᠨ ᠤᠷᠮ᠎ᠠ ᠰᠡᠳᠬᠢᠯᠭᠡ ᠶᠢᠨ ᠬᠠᠮᠢᠶᠠᠷᠤᠯᠲᠠ ᠶᠢᠨ ᠴᠢᠳᠠᠪᠤᠷᠢ ᠪᠠᠨ ᠴᠢᠩᠭᠠᠳᠬᠠᠵᠤ᠂ ᠣᠯᠠᠨ ᠲᠦᠮᠡᠨ ᠳᠤ ᠨᠠᠩ ᠰᠠᠶᠢᠨ ᠰᠢᠯᠢᠳᠡᠭ ᠦᠢᠯᠡᠴᠢᠯᠡᠭᠡ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠰᠡᠳᠬᠢᠴᠡ ᠶᠢᠨ ᠪᠠᠭᠰᠢ ᠶᠢ ᠤᠷᠢᠵᠦ᠂ ᠴᠤᠩᠬᠤᠪᠴᠢ ᠶᠢᠨ ᠠᠵᠢᠯᠲᠠᠳ ᠲᠤ ᠨᠢᠭᠡ ᠤᠳᠠᠭᠠᠨ ᠤ ︽ᠳᠠᠷᠤᠯᠲᠠ ᠪᠠ ᠰᠡᠳᠬᠢᠴᠡ ᠶᠢᠨ ᠳᠠᠷᠤᠯᠲᠠ ᠶᠢ ᠪᠠᠭᠤᠷᠠᠭᠤᠯᠬᠤ ᠬᠢᠴᠢᠶᠡᠯ︾ ᠤᠷᠤᠭᠤᠯᠤᠭᠰᠠᠨ ᠪᠠᠶᠢᠨ᠎ᠠ᠃
   ᠲᠤᠰ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠪᠣᠯᠪᠠᠰᠤᠷᠠᠯ ᠨᠢ ︽ᠰᠠᠶᠢᠨ ᠰᠠᠶᠢᠬᠠᠨ ᠰᠡᠳᠬᠢᠯᠭᠡ ᠬᠢᠭᠡᠳ ᠤᠷᠮ᠎ᠠ ᠰᠡᠳᠬᠢᠯᠭᠡ ᠶᠢᠨ ᠬᠠᠮᠢᠶᠠᠷᠤᠯᠲᠠ︾᠎ ᠪᠠᠷ ᠭᠤᠣᠯ ᠰᠡᠳᠦᠪ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠶᠡᠭᠡ ᠬᠡᠮᠵᠢᠶᠡᠨ ᠤ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠥᠪᠡᠷ ᠢ ᠪᠠᠨ ᠲᠠᠨᠢᠨ ᠮᠡᠳᠡᠬᠦ᠂ ᠤᠷᠮ᠎ᠠ ᠰᠡᠳᠬᠢᠯᠭᠡ ᠪᠠᠨ ᠰᠡᠷᠡᠵᠦ ᠮᠡᠳᠡᠬᠦ᠂ ᠤᠷᠮ᠎ᠠ ᠰᠡᠳᠬᠢᠯᠭᠡ ᠶᠢᠨ ᠳᠠᠷᠤᠭᠠᠰᠤ ᠶᠢᠨ ᠬᠠᠮᠢᠶᠠᠷᠤᠯᠲᠠ ᠵᠡᠷᠭᠡ ᠲᠠᠯ᠎ᠠ ᠠᠴᠠ ᠲᠠᠶᠢᠯᠪᠤᠷᠢᠯᠠᠯᠲᠠ ᠬᠢᠵᠦ᠂ ᠠᠵᠢᠯᠲᠠᠳ ᠤᠨ ᠡᠳᠦᠷ ᠲᠤᠲᠤᠮ ᠤᠨ ᠠᠵᠢᠯ ᠤᠨ ᠳᠤᠮᠳᠠ ᠪᠠᠨ ᠰᠡᠳᠬᠢᠴᠡ ᠶᠢᠨ ᠳᠠᠷᠤᠯᠲᠠ ᠶᠢ ᠡᠭᠦᠰᠬᠡᠵᠦ ᠮᠡᠳᠡᠬᠦ ᠶᠠᠮᠠᠷ ᠬᠡᠷᠡᠭ ᠶᠠᠪᠤᠳᠠᠯ ᠠᠮᠠᠷᠬᠠᠨ ᠲᠣᠬᠢᠶᠠᠯᠳᠤᠬᠤ᠂ ᠰᠡᠳᠬᠢᠴᠡ ᠶᠢᠨ ᠠᠰᠠᠭᠤᠳᠠᠯ ᠭᠠᠷᠪᠠᠯ ᠶᠠᠮᠠᠷ ᠬᠤᠪᠢᠷᠠᠯᠲᠠ ᠶᠢᠨ ᠣᠨᠴᠠᠯᠢᠭ ᠲᠠᠢ ᠪᠣᠯᠬᠤ᠂ ᠰᠡᠳᠬᠢᠴᠡ ᠶᠢᠨ ᠳᠠᠷᠤᠯᠲᠠ ᠶᠢᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠲᠤ ᠤᠴᠠᠷᠠᠭᠤᠯᠬᠤ ᠬᠤᠣᠷ ᠬᠥᠨᠥᠭᠡᠯ ᠤᠨ ᠬᠡᠮᠵᠢᠶ᠎ᠡ ᠵᠢᠴᠢ ᠥᠪᠡᠷ ᠤᠨ ᠰᠡᠳᠬᠢᠴᠡ ᠶᠢᠨ ᠠᠰᠠᠭᠤᠳᠠᠯ ᠢᠶᠠᠨ ᠬᠡᠷᠬᠢᠨ ᠴᠠᠭ ᠲᠤᠬᠠᠢ ᠎ ᠳᠤᠨᠢ ᠪᠦᠲᠦᠮᠵᠢᠲᠡᠶ ᠪᠠᠷ ᠲᠣᠬᠢᠷᠠᠭᠤᠯᠬᠤ ᠵᠡᠷᠭᠡ ᠠᠭᠤᠯᠭ᠎ᠠ ᠶᠢ ᠨᠠᠷᠢᠨ ᠨᠢᠭᠲᠠ ᠵᠠᠳᠠᠯᠤᠨ ᠲᠠᠶᠢᠯᠪᠤᠷᠢᠯᠠᠵᠠᠢ᠃ ᠮᠦᠨᠴᠦ ᠤᠯᠠᠨ ᠢ ᠬᠠᠪᠰᠤᠷᠤᠨ ᠳᠠᠷᠤᠯᠲᠠ ᠳᠤ ᠵᠥᠪ ᠢᠶᠠᠷ ᠬᠠᠨᠳᠤᠵᠤ᠂ ᠥᠪᠡᠷ ᠤᠨ ᠪᠡᠶ᠎ᠡ ᠶᠢᠨ ᠳᠠᠷᠤᠯᠲᠠ ᠶᠢᠨ ᠬᠢᠷᠢ ᠬᠡᠮᠵᠢᠶ᠎ᠡ ᠶᠢ ᠣᠶᠢᠯᠠᠭᠠᠭᠤᠯᠵᠤ᠂ ᠥᠪᠡᠷ ᠤᠨ ᠪᠡᠶ᠎ᠡ ᠶᠢᠨ ᠰᠡᠳᠬᠢᠴᠡ ᠶᠢᠨ ᠠᠰᠠᠭᠤᠳᠠᠯ ᠢᠶᠠᠨ ᠴᠠᠭ ᠲᠤᠬᠠᠢ ᠳᠤ ᠨᠢ ᠵᠠᠰᠠᠬᠤ ᠶᠢ ᠵᠢᠭᠠᠵᠠᠢ᠃
     ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠴᠣᠩᠬᠤᠨ ᠤ ᠠᠵᠢᠯᠲᠠᠳ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠤᠬᠠᠢ ᠨᠠᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠤᠯᠪᠠ᠃ ᠠᠵᠢᠯᠲᠠᠳ ᠠᠴᠠ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠪᠠᠨ ᠪᠣᠯᠪᠠᠰᠤᠷᠠᠯ ᠤᠨ ᠳᠤᠮᠳᠠ ᠰᠣᠷᠣᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠪᠠ ᠳᠠᠷᠤᠯᠲᠠ ᠶᠢ ᠪᠠᠭᠠᠰᠬᠠᠬᠤ ᠠᠷᠭ᠎ᠠ ᠶᠢ ᠭᠦᠢᠴᠡᠳ ᠬᠡᠷᠡᠭᠯᠡᠨ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠵᠥᠪ ᠢᠶᠠᠷ ᠬᠠᠨᠳᠤᠵᠤ᠂ ᠰᠡᠳᠬᠢᠴᠡ ᠶᠢᠨ ᠠᠰᠠᠭᠤᠳᠠᠯ ᠢᠶᠠᠨ ᠪᠡᠶ᠎ᠡ ᠪᠠᠨ ᠳᠠᠭᠠᠭᠠᠨ ᠲᠣᠬᠢᠷᠠᠭᠤᠯᠬᠤ ᠶᠢ ᠰᠤᠷᠴᠤ᠂ ᠰᠡᠳᠬᠢᠴᠡ ᠶᠢᠨ ᠳᠠᠷᠤᠭᠠᠰᠤ ᠪᠠᠨ ᠴᠠᠭ ᠲᠤᠬᠠᠢ ᠳᠤᠨᠢ ᠰᠤᠯᠠᠯᠠᠨ᠂ ᠴᠠᠭ ᠢᠮᠠᠭᠲᠠ ᠢᠳᠡᠪᠬᠢᠲᠡᠢ ᠪᠥᠭᠡᠳ ᠰᠠᠶᠢᠨ ᠰᠠᠶᠢᠬᠠᠨ ᠣᠶᠤᠨ ᠰᠠᠨᠠᠭᠠᠨ ᠤ ᠪᠠᠶᠢᠳᠠᠯ ᠲᠠᠢ ᠪᠠᠶᠢᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠰᠠᠶᠢᠲᠤᠷ ᠦᠢᠯᠡᠴᠢᠯᠡᠳᠡᠭ ᠵᠠᠰᠠᠭ ᠤᠨ ᠶᠠᠪᠤᠳᠠᠯ ᠤᠨ ᠠᠵᠢᠯᠲᠠᠨ ᠪᠣᠯᠣᠨ᠎ᠠ ᠭᠡᠵᠦ ᠢᠯᠡᠷᠬᠡᠶᠢᠯᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号