ᠮᠠᠨ ᠤ ᠠᠶᠢᠮᠠᠭ ᠡᠯ᠎ᠡ ᠭᠠᠴᠠᠭ᠎ᠠ ᠲᠣᠰᠬᠤᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/3
    2023 ᠣᠨ ᠤ 9 ᠰᠠᠷ᠎ᠠ ᠠᠴᠠ ᠡᠬᠢᠯᠡᠨ᠂ ᠮᠠᠨ ᠤ ᠠᠶᠢᠮᠠᠭ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠣᠯᠭᠠᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠲᠣᠬᠢᠷᠠᠭᠤᠯᠬᠤ ᠵᠠᠭᠪᠤᠷ ᠢ ᠳᠡᠯᠭᠡᠷᠡᠭᠦᠯᠦᠨ᠂ ᠭᠠᠴᠠᠭ᠎ᠠ ᠲᠣᠰᠬᠤᠨ ᠤ ᠨᠠᠮ ᠤᠨ ᠡᠭᠦᠷ ᠠᠷᠠᠳ ᠤᠨ ᠵᠥᠪᠯᠡᠯ ᠤᠨ ᠭᠡᠰᠢᠭᠦᠨ᠂ ᠪᠠᠶᠠᠵᠢᠯ ᠤᠨ ᠳᠠᠭᠠᠭᠤᠯᠤᠭᠴᠢ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠪᠠᠶᠢᠭ᠎ᠠ ᠴᠢᠳᠠᠪᠤᠷᠢᠲᠠᠨ ᠵᠡᠷᠭᠡ ᠬᠥᠮᠥᠰ ᠢ ᠤᠷᠢᠳᠠᠪᠠᠷ ᠰᠣᠩᠭᠤᠨ ᠬᠡᠷᠡᠭᠯᠡᠵᠦ᠂ ᠲᠡᠳᠡᠨ ᠤ ᠮᠠᠯᠵᠢᠬᠤ ᠲᠠᠷᠢᠶᠠᠯᠠᠬᠤ ᠣᠷᠣᠨ ᠳᠤ ᠦᠨᠳᠦᠰᠦᠯᠡᠬᠦ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠢ ᠰᠠᠶᠢᠨ ᠣᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠮᠥᠩᠭᠦᠨ ᠭᠦᠢᠯᠭᠡᠭᠡ ᠶᠢ ᠣᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠴᠢᠳᠠᠪᠤᠷᠢ ᠪᠦᠬᠦᠢ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠵᠥᠪᠯᠡᠭᠴᠢ ᠶᠢ ᠬᠥᠮᠥᠵᠢᠭᠦᠯᠵᠡᠢ᠃ ᠡᠨᠡ ᠵᠢᠯ ᠤᠨ 5 ᠰᠠᠷ᠎ᠠ ᠶᠢᠨ ᠡᠬᠢᠨ ᠳᠤ᠂ ᠮᠠᠨ ᠤ ᠠᠶᠢᠮᠠᠭ ᠤᠨ ᠡᠯ᠎ᠡ ᠭᠠᠴᠠᠭ᠎ᠠ ᠲᠣᠰᠬᠤᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠪᠦᠬᠦᠨ ᠢ ᠪᠦᠷᠬᠦᠭᠦᠯᠬᠦ︾ ᠡᠭᠦᠷᠭᠡ ᠪᠠᠨ 6 ᠰᠠᠷ᠎ᠠ ᠤᠷᠢᠳᠴᠢᠯᠠᠨ ᠪᠡᠶᠡᠯᠡᠭᠦᠯᠪᠡ᠃           2023 ᠣᠨ  ᠠᠴᠠ ᠨᠠᠭᠠᠰᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠪᠠᠷ ᠵᠣᠯᠭᠠᠭᠤᠯᠵᠤ᠂ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠢᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠮᠢᠶ᠎ᠠ ᠪᠦᠬᠦᠢ ᠪᠣᠯᠪᠠᠰᠤᠷᠠᠯ ᠢ 1070 ᠭᠠᠷᠤᠢ ᠬᠥᠮᠥᠨ ᠤᠳᠠᠭ᠎ᠠ ᠥᠷᠨᠢᠭᠦᠯᠵᠦ᠂ ᠬᠥᠳᠡᠭᠡ ᠪᠠᠭᠤᠵᠤ ᠦᠢᠯᠡᠴᠢᠯᠡᠬᠦ ᠠᠵᠢᠯ ᠢ 3300 ᠭᠠᠷᠤᠢ ᠤᠳᠠᠭ᠎ᠠ ᠥᠷᠨᠢᠭᠦᠯᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠣᠷᠣᠨ︶ ᠢᠢᠨ 78 ᠰᠤᠮᠤ ᠰᠢᠶᠠᠩ ᠪᠠᠯᠭᠠᠰᠤ ︵ᠲᠠᠯᠠᠪᠠᠶ︶ ᠎ ᠶᠢᠨ 893 ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠴᠥᠮ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢ ᠤᠷᠢᠨ ᠬᠡᠷᠡᠭᠯᠡᠵᠦ᠂ ᠪᠣᠯᠪᠠᠰᠤᠷᠠᠯ ᠬᠦᠷᠲᠡᠭᠡᠬᠦ ᠠᠵᠢᠯ ᠢ ᠪᠡᠶᠡᠯᠡᠭᠦᠯᠵᠦ᠂ 893 ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠦᠨᠡᠮᠯᠡᠯ ᠲᠤᠰᠴᠦ ᠵᠢᠩᠬᠢᠨᠢ ᠪᠠᠷ ᠠᠵᠢᠯ ᠤᠨ ᠪᠠᠶᠢᠷᠢᠨ ᠳᠤ ᠭᠠᠷᠪᠠ᠃ ᠡᠭᠦᠨ ᠳᠤ᠂ ᠭᠠᠴᠠᠭ᠎ᠠ ᠲᠣᠰᠬᠤᠨ ᠤ ᠨᠠᠮ ᠤᠨ ᠡᠭᠦᠷ ᠠᠷᠠᠳ ᠤᠨ ᠵᠥᠪᠯᠡᠯ ᠤᠨ 813 ᠬᠥᠮᠥᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢᠨ ᠲᠤᠰᠢᠶᠠᠯ ᠢ ᠡᠭᠦᠷᠭᠡᠯᠡᠵᠦ᠂ 91%᠎ ᠶᠢᠨ ᠬᠠᠷᠢᠴᠠᠯ ᠢ ᠡᠵᠡᠯᠡᠵᠦ᠂ ᠪᠠᠶᠠᠵᠢᠯ ᠤᠨ ᠳᠠᠭᠠᠭᠤᠯᠤᠭᠴᠢ 63 ᠬᠥᠮᠥᠨ ᠪᠠᠶᠢᠵᠤ᠂ 7%᠎ ᠶᠢᠨ ᠬᠠᠷᠢᠴᠠᠯ ᠢ ᠡᠵᠡᠯᠡᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠪᠠᠶᠢᠭ᠎ᠠ ᠴᠢᠳᠠᠪᠤᠷᠢᠲᠠᠨ ︵ᠣᠶᠤᠲᠠᠨ︶ 17 ᠬᠥᠮᠥᠨ ᠪᠠᠶᠢᠵᠤ᠂ 2%᠎ ᠤᠨ ᠬᠠᠷᠢᠴᠠᠯ ᠢ ᠡᠵᠡᠯᠡᠪᠡ᠃           ᠣᠳᠣᠬᠠᠨ ᠳᠤ᠂ ᠡᠯ᠎ᠡ ᠭᠠᠵᠠᠷ ᠤᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠨᠢ ᠪᠠᠩᠬᠢ᠂ ᠳᠠᠭᠠᠳᠬᠠᠯ ᠵᠡᠷᠭᠡ ᠪᠠᠶᠢᠭᠤᠯᠤᠮᠵᠢ ᠶᠢ ᠬᠠᠪᠰᠤᠷᠤᠨ ᠨᠠᠷᠢᠯᠢᠭ ᠣᠨᠣᠴᠠᠲᠠᠢ ᠪᠠᠷ 3072 ᠬᠥᠮᠥᠨ ᠳᠤ ᠦᠢᠯᠡᠴᠢᠯᠡᠵᠦ᠂ 3309 ᠮᠠᠯᠴᠢᠨ ᠲᠠᠷᠢᠶᠠᠴᠢᠨ ᠡᠷᠦᠬᠡ ᠳᠤ ᠢᠲᠡᠭᠡᠮᠵᠢ ᠣᠯᠭᠤᠵᠤ᠂ 5 ᠳ᠋ᠦᠩᠰᠢᠭᠤᠷ ᠭᠠᠷᠤᠢ ᠲᠥᠭᠦᠷᠢᠭ ᠤᠨ ᠢᠲᠡᠭᠡᠮᠵᠢ ᠶᠢᠨ ᠵᠢᠭᠡᠯᠡᠯᠭᠡ ᠶᠢ ᠨᠠᠶᠢᠳᠠᠪᠤᠷᠢᠵᠢᠭᠤᠯᠪᠠ᠃ ︽︿ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ﹀  ᠎ ᠨᠢ ᠮᠥᠩᠭᠦᠨ ᠭᠦᠢᠯᠭᠡᠭᠡᠨ ᠤ ᠤᠬᠠᠭᠤᠯᠭ᠎ᠠ ᠬᠢᠬᠦ᠂ ᠬᠠᠮᠲᠤᠷᠠᠯᠴᠠᠭ᠎ᠠ ᠶᠢ ᠵᠣᠯᠭᠠᠭᠤᠯᠬᠤ ᠵᠡᠷᠭᠡ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ᠂ ᠮᠠᠯ ᠠᠵᠤ ᠠᠬᠤᠢ ᠶᠢ ᠲᠤᠰᠠᠯᠠᠬᠤ᠂ ᠠᠷᠠᠳ ᠲᠤ ᠠᠰᠢᠭ ᠬᠦᠷᠲᠡᠭᠡᠬᠦ ︿ᠡᠴᠦᠰ ᠤᠨ ᠨᠢᠭᠡ ᠺᠢᠯᠣᠮᠧᠲᠷ﹀ ᠎ ᠢ ᠦᠨᠡᠨᠬᠦ ᠨᠡᠪᠲᠡᠷᠡᠭᠦᠯᠵᠡᠢ᠃ ᠲᠡᠷᠡ ᠨᠢ ᠮᠥᠨ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠰᠠᠭ ᠤᠨ ᠣᠷᠳᠣᠨ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠵᠢᠯᠴᠠᠨ ᠦᠢᠯᠡᠴᠢᠯᠡᠬᠦ ᠵᠠᠭᠪᠤᠷ ᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠢᠶᠠᠷ ᠬᠦ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠪᠠ︾ ᠭᠡᠵᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠳ᠋ᠠᠢ ᠾᠧ ᠮᠢᠨ ᠶᠠᠷᠢᠪᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号