ᠪᠠᠷᠠᠭᠤᠨ ᠦᠵᠦᠮᠦᠴᠢᠨ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠠᠳᠠᠭᠰᠢ ᠭᠠᠷᠴᠤ ᠠᠵᠢᠯ ᠬᠢᠬᠦ ᠡᠭᠦᠷᠭᠡ ᠶᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/7/3
      ᠦᠨᠥ ᠵᠢᠯ᠂ 2024 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠠᠵᠢᠯ ᠣᠯᠬᠤ ᠬᠠᠷᠠᠯᠲᠠ ᠶᠢᠨ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢᠨ ᠲᠥᠯᠥᠭᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠭᠤᠣᠯᠳᠠᠯᠭ᠎ᠠ ᠲᠠᠢ ᠪᠠᠷ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠪᠠᠶᠢᠴᠠᠭᠠᠭᠳᠠᠬᠤ ᠡᠲᠡᠭᠡᠳ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠣᠨ ᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠮᠦᠰ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠠᠳᠬᠤᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠠᠳᠠᠭᠰᠢ ᠭᠠᠷᠴᠤ ᠠᠵᠢᠯ ᠬᠢᠬᠦ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂  6 ᠰᠠᠷ᠎ᠠ ᠶᠢᠨ ᠰᠡᠭᠦᠯᠴᠢ ᠪᠤᠯᠲᠠᠯ᠎ᠠ ᠪᠥᠬᠦ ᠬᠤᠰᠢᠭᠤᠨ ᠤ 205 ᠶᠠᠳᠠᠭᠤ   ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠭᠠᠳᠠᠭᠰᠢ ᠭᠠᠷᠴᠤ ᠠᠵᠢᠯ ᠣᠯᠵᠤ᠂ ᠣᠨ ᠤ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号