ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2024/7/3
    ᠣᠶᠢᠷ᠎ᠠ ᠶᠢᠨ ᠬᠤᠭᠤᠴᠠᠭᠠᠨ ᠳᠤ ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ᠂ ᠡᠳᠦᠷ ᠰᠥᠨᠢ ᠶᠢ ᠢᠯᠭᠠᠯ ᠦᠭᠡᠢ ᠪᠠᠷ ᠬᠠᠷᠢᠶ᠎ᠠ ᠣᠷᠣᠨ ᠤ ᠳᠣᠲᠣᠷᠠᠬᠢ ᠠᠭᠤᠷᠬᠠᠢ ᠶᠢᠨ ᠣᠷᠣᠨ ᠤ ᠡᠷᠬᠢᠨ ᠲᠣᠭᠤᠷᠢᠨ ᠤ ᠭᠠᠴᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠬᠤ᠂ ᠵᠥᠪᠰᠢᠶᠡᠷᠡᠯ ᠦᠭᠡᠢ ᠪᠠᠷ ᠤᠷᠢᠳᠠᠪᠠᠷ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠬᠤᠳᠳᠤᠭ ᠮᠠᠯᠳᠠᠬᠤ ᠪᠠ ᠬᠠᠤᠯᠢ ᠪᠤᠰᠤ ᠪᠠᠷ ᠭᠠᠵᠠᠷ ᠡᠵᠡᠯᠡᠬᠦ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠬᠤ ᠠᠵᠢᠯ ᠢ ᠶᠠᠪᠤᠭᠳᠠᠭᠤᠯᠪᠠ᠃ ᠪᠠᠶᠢᠴᠠᠭᠠᠵᠤ ᠴᠡᠭᠴᠡᠯᠡᠨ ᠵᠠᠰᠠᠬᠤ ᠪᠠᠷ ᠳᠠᠮᠵᠢᠭᠤᠯᠤᠨ ᠭᠠᠵᠠᠷ ᠬᠡᠷᠡᠭᠯᠡᠬᠦ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠬᠤ ᠪᠠ ᠴᠢᠩᠭᠠᠳᠬᠠᠵᠤ᠂ ᠬᠠᠷᠢᠶᠠᠲᠤ ᠣᠷᠣᠨ ᠤ ᠰᠠᠶᠢᠨ ᠰᠠᠶᠢᠬᠠᠨ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠬᠠᠮᠠᠭᠠᠯᠠᠨ᠂  ᠳᠤᠷ᠎ᠠ ᠪᠠᠷ ᠪᠠᠶᠢᠭᠤᠯᠬᠤ ᠵᠠᠪᠳᠤᠨ ᠪᠠᠶᠢᠭᠤᠯᠬᠤ᠂ ᠳᠤᠷ᠎ᠠ ᠪᠠᠷ ᠬᠤᠳᠳᠤᠭ ᠮᠠᠯᠲᠠᠬᠤ ᠵᠡᠷᠭᠡ ᠦᠶᠯᠡ ᠠᠵᠢᠯᠯᠠᠭ᠎ᠠ ᠶᠢ ᠰᠡᠷᠭᠡᠶᠢᠯᠡᠪᠡ᠃
    ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠢᠳᠡᠪᠬᠢᠲᠡᠢ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠶᠢ ᠡᠵᠡᠮᠳᠡᠨ ᠬᠠᠭᠤᠴᠢᠨ ᠢ ᠵᠠᠰᠠᠵᠤ᠂ ᠴᠢᠩᠭ᠎ᠠ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠬᠠᠤᠯᠢ ᠠᠴᠠ ᠵᠥᠷᠢᠴᠡᠭᠰᠡᠨ ᠪᠠᠷᠢᠯᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠥᠴᠥᠬᠡᠨ ᠴᠦ ᠠᠭᠤᠴᠢᠯᠠᠬᠤ ᠦᠭᠡᠢ ᠣᠪᠣᠷ ᠢᠶᠠᠷ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠠᠬᠢᠭᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号