ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠴᠤᠭᠴᠠᠯᠠᠬᠤ ᠵᠡᠭᠡᠯᠢ ᠭᠤᠳᠤᠮᠵᠢ ᠶᠢᠨ ᠠᠷᠢᠭᠤᠨ ᠴᠡᠪᠡᠷ ᠤᠨ ᠪᠠᠶᠢᠴᠠᠭᠠᠯᠳᠠ ᠦᠷᠨᠢᠬᠦᠯᠪᠡ
ᠨᠡᠶᠢᠲᠡᠯᠡᠭᠰᠡᠨ ᠴᠠᠭ᠄
2024/7/3
     ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠪᠠᠶᠢᠩᠭᠤ ᠶᠢᠨ ᠬᠠᠮᠢᠶᠠᠷᠤᠯᠲᠠ ᠶᠢ ᠴᠢᠩᠭᠠᠳᠬᠠᠨ᠂ ᠬᠥᠮᠥᠰ ᠤᠨ ᠣᠷᠣᠰᠢᠨ ᠰᠠᠭᠤᠬᠤ ᠴᠡᠪᠡᠷ ᠲᠡᠭᠰᠢ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠤᠰᠠᠳᠠ᠂ ᠣᠶᠢᠷ᠎ᠠ ᠶᠢᠨ ᠬᠤᠭᠤᠴᠠᠭᠠᠨ ᠳᠤ᠂ ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠳᠡᠯᠭᠡᠭᠰᠡᠨ ᠦᠶᠯᠡ ᠠᠵᠢᠯᠯᠠᠭ᠎ᠠ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠮᠠᠶᠢᠮᠠᠢ ᠬᠢᠵᠦ ᠪᠠᠶᠢᠭ᠎ᠠ ᠵᠡᠭᠡᠯᠢ ᠳᠠᠭᠠᠤ ᠶᠢᠨ ᠬᠤᠳᠠᠯᠳᠤᠭᠠᠴᠢᠳ ᠲᠤ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠲᠤᠬᠠᠢ ᠶᠢᠨ ᠲᠠᠯᠠᠪᠤᠷ ᠲᠤ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠪᠠ᠃     ᠲᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠣᠰ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠰᠠᠨ ᠴᠠᠭ ᠲᠤ ᠴᠡᠭᠴᠡᠯᠡᠨ ᠵᠠᠰᠠᠭᠰᠠᠨ ᠦᠭᠡᠢ ᠪᠠᠶᠢᠪᠠᠯ ᠬᠠᠤᠯᠢ ᠶᠣᠰᠣᠭᠠᠷ ᠠᠯᠪᠠᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号