ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 2022 ᠣᠨ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠥᠰ ᠤᠨ ᠵᠢᠯ ᠤᠨ ᠳᠤᠮᠳᠠᠴᠢ ᠴᠠᠯᠢᠩ ᠨᠢ 92492 ᠲᠥᠭᠦᠷᠢᠭ | ᠪᠠᠶᠢᠵᠤ᠂ ᠲᠦᠷᠦᠭᠦᠦ ᠵᠢᠯ ᠤᠨ ᠬᠢ ᠠᠴᠠ ᠪᠠᠨ 5.0% ᠢᠶᠠᠷ ᠨᠡᠮᠡᠭᠳᠡᠪᠡ︔ ᠪᠥᠬᠦ ᠤᠯᠤᠰ ᠤᠨ ᠬᠤᠲᠠ ᠪᠠᠯᠭᠠᠰᠤᠨ ᠤ | ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ ᠤᠨ ᠵᠢᠯ ᠤᠨ ᠳᠤᠮᠳᠠᠴᠢ ᠴᠠᠯᠢᠩ ᠨᠢ | 114029 ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ ᠪᠠᠨ 7192 ᠲᠥᠭᠦᠷᠢᠭ ᠨᠡᠮᠡᠭᠳᠡᠵᠦ᠂ ᠨᠡᠷᠡᠯᠡᠭᠰᠡᠨ | ᠨᠡᠮᠡᠭᠳᠡᠯ ᠨᠢ 6.7% ᠪᠠᠷ ᠨᠡᠮᠡᠭᠳᠡᠵᠡᠢ︔ ᠪᠥᠬᠦ ᠤᠯᠤᠰ ᠤᠨ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ | ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ ᠤᠨᠵᠢᠯ ᠤᠨ ᠳᠤᠮᠳᠠᠴᠢ ᠴᠠᠯᠢᠩ ᠨᠢ 65237 ᠲᠥᠭᠦᠷᠢᠭ ᠪᠠᠶᠢᠵᠤ᠂ | ᠲᠦᠷᠦᠭᠦᠦ ᠵᠢᠯ ᠤᠨ ᠬᠢ ᠠᠴᠠ ᠪᠠᠨ 2353 ᠲᠥᠭᠦᠷᠢᠭ ᠨᠡᠮᠡᠭᠳᠡᠵᠦ᠂ ᠨᠡᠷᠡᠯᠡᠭᠰᠡᠨ ᠨᠡᠮᠡᠭᠳᠡᠯ ᠨᠢ 3.7% ᠪᠠᠷ ᠨᠡᠮᠡᠭᠳᠡᠵᠡᠢ᠃ | 2022 ᠣᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠥᠰ ᠤᠨ ᠵᠢᠯ | ᠤᠨᠳᠤᠮᠳᠠᠴᠢ ᠴᠠᠯᠢᠩ ᠨᠢ 92492 ᠲᠥᠭᠦᠷᠢᠭ ᠪᠣᠯᠣᠨ᠎ᠠ᠃ | 2022 ᠣᠨ ᠳᠤ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠠᠵᠢᠯᠯᠠᠵᠤ | ᠪᠠᠶᠢᠭ᠎ᠠ ᠬᠥᠮᠥᠰ ᠤᠨ ᠵᠢᠯ ᠤᠨ ᠳᠤᠮᠳᠠᠴᠢ ᠴᠠᠯᠢᠩ ᠨᠢ 92492 ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ | ᠪᠠᠨ 5.0% ᠪᠠᠷ ᠨᠡᠮᠡᠭᠳᠡᠪᠡ᠃ ᠡᠭᠦᠨ ᠤ ᠳᠣᠲᠣᠷ᠎ᠠ ᠳᠤᠮᠳᠠ ᠳᠠᠪᠬᠤᠷᠭ᠎ᠠ ᠵᠢᠴᠢ ᠲᠡᠭᠦᠨ ᠠᠴᠠ ᠳᠡᠭᠡᠭᠰᠢᠬᠢ | ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ189076 ᠲᠥᠭᠦᠷᠢᠭ ᠲᠤ ᠬᠦᠷᠴᠦ᠂ 4.7% ᠪᠠᠷ | ᠨᠡᠮᠡᠭᠳᠡᠪᠡ︔ ᠲᠤᠰᠬᠠᠢ ᠮᠡᠷᠭᠡᠵᠢᠯ ᠤᠨ ᠠᠵᠢᠯᠲᠠᠨ ᠤ ᠴᠠᠯᠢᠩ 133264 ᠲᠥᠭᠦᠷᠢᠭ ᠲᠤ ᠬᠦᠷᠴᠦ᠂ 6.6% ᠪᠠᠷ | ᠨᠡᠮᠡᠭᠳᠡᠪᠡ︔ ᠬᠡᠷᠡᠭ ᠡᠷᠬᠢᠯᠡᠬᠦᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠴᠠᠯᠢᠩ 85881 ᠲᠥᠭᠦᠷᠢᠭ ᠲᠤ | ᠬᠦᠷᠴᠦ᠂ 4. 1% ᠪᠠᠷ ᠨᠡᠮᠡᠭᠳᠡᠪᠡ︔ ᠨᠡᠶᠢᠭᠡᠮ ᠤᠨ ᠦᠢᠯᠡᠳᠪᠦᠷᠢᠯᠡᠯ ᠤᠨ ᠦᠢᠯᠡᠴᠢᠯᠡᠭᠡ ᠪᠠ ᠠᠮᠢᠳᠤᠷᠠᠯ ᠤᠨ | ᠦᠢᠯᠡᠴᠢᠯᠡᠭᠡ ᠶᠢᠨ ᠠᠵᠢᠯᠲᠠᠨ ᠤ ᠴᠠᠯᠢᠩ 70234 ᠲᠥᠭᠦᠷᠢᠭ ᠲᠤ ᠬᠦᠷᠴᠦ᠂ 3.3 % ᠪᠠᠷ ᠨᠡᠮᠡᠭᠳᠡᠪᠡ︔ | ᠦᠢᠯᠡᠳᠪᠦᠷᠢᠯᠡᠯ ᠦᠢᠯᠡᠳᠬᠦ ᠦᠢᠯᠡᠰ ᠵᠢᠴᠢ ᠬᠠᠮᠢᠶ᠎ᠠ ᠪᠦᠬᠦᠢ ᠠᠵᠢᠯᠲᠠᠨ ᠤ ᠴᠠᠯᠢᠩ 71147 ᠲᠥᠭᠦᠷᠢᠭ ᠲᠤ | ᠬᠦᠷᠴᠦ᠂ 3. 9% ᠪᠠᠷ ᠨᠡᠮᠡᠭᠳᠡᠪᠡ᠃ |