ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/7/30
  2024 ᠣᠨ ᠤ  7 ᠰᠠᠷ᠎ᠠ ᠶᠢᠨ  29᠎ ᠎ ᠤ  ᠡᠳᠦᠷ  ᠪᠠᠷᠠᠭᠤᠨ  ᠦᠵᠦᠮᠦᠴᠢᠨ  ᠬᠤᠰᠢᠭᠤᠨ  ᠤ  ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠳᠡᠭᠡᠷ᠎ᠡ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠳ ᠠ᠋᠄    ᠣᠲᠣ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠬᠢᠶ᠎ᠡ᠂ ᠲᠠᠨᠠᠷ ᠬᠢᠨᠠᠨ ᠵᠥᠪᠯᠡᠬᠦ ᠶᠢᠨ ᠬᠠᠮᠲᠤ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ ᠳᠡᠭᠡᠷ᠎ᠡ ᠬᠠᠭᠠᠰ ᠵᠢᠯ ᠤᠨ ᠠᠵᠢᠯ ᠤᠨ ᠡᠷᠭᠢᠴᠡᠭᠦᠯᠦᠯ    ᠵᠢᠯ ᠤᠨ ᠡᠬᠢᠨ ᠠᠴᠠ ᠨᠠᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠤᠯᠤᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠳᠣᠣᠷ᠎ᠠ᠂ ᠬᠤᠰᠢᠭᠤ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠦ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠲᠦᠷᠭᠡᠳᠬᠡᠨ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ  ᠵᠢᠭᠰᠠᠭᠠᠭᠳᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃     ︵ᠨᠢᠭᠡ︶ ᠠᠵᠤ ᠠᠬᠤᠢ ᠶᠢᠨ ᠬᠥᠭᠵᠢᠯᠲᠡ ᠲᠣᠭᠲᠠᠭᠤᠨ ᠳᠤᠮᠳᠠ ᠤᠷᠤᠭᠰᠢᠯᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ112 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 13.5%᠎ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 8.8 ᠵᠠᠭᠤᠨ ᠤ ᠨᠢᠭᠡᠴᠢ ᠥᠨᠳᠥᠷ ᠪᠤᠯᠪᠠ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 97.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 16%᠎ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃ ᠵᠢᠯ ᠤᠨ ᠡᠬᠢᠨ ᠳᠤ ᠲᠣᠭᠲᠠᠭᠠᠭᠰᠠᠨ 56 ᠭᠤᠣᠯᠳᠠᠯᠭ᠎ᠠ ᠲᠠᠢ ᠲᠥᠷᠥᠯ ᠵᠦᠢᠯ ᠤᠨ 43 ᠲᠥᠷᠥᠯ ᠵᠦᠢᠯ ᠤᠨ ᠠᠵᠢᠯ ᠎ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 76.8%᠎ ᠳᠤ ᠬᠦᠷᠴᠡᠢ᠃ ᠡᠭᠦᠨ ᠳᠤ ᠠᠶᠢᠮᠠᠭ ᠤᠨ ᠲᠠᠰ ᠤᠨ 15 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠪᠦᠬᠦᠨ ᠢ ᠡᠬᠢᠯᠡᠭᠦᠯᠦᠭᠰᠡᠨ ᠪᠠᠶᠢᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 46.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 69.6% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠣᠨ ᠤ ᠡᠭᠦᠷᠭᠡ ᠶᠢᠨ 57.4%᠎ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.3%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1%᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19073 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25066 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.2%᠎ ᠪᠠᠷ ᠨᠡᠮᠡᠭᠳᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11356 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.8%᠎ ᠪᠠᠷ ᠨᠡᠮᠡᠭᠳᠡᠪᠡ᠃     ︵ᠬᠤᠶᠠᠷ︶ ᠠᠵᠤ ᠦᠢᠯᠡᠰ ᠤᠨ ᠲᠡᠰ ᠲᠡᠪᠰᠢᠯᠳᠠ ᠶᠢ ᠲᠦᠷᠭᠡᠨ ᠪᠥᠭᠡᠳ ᠲᠣᠭᠲᠠᠭᠤᠨ ᠢᠶᠠᠷ ᠨᠡᠮᠡᠭᠳᠡᠬᠦᠯᠪᠡ     —— ᠤᠳᠤ ᠦᠶ᠎ᠡ ᠶᠢᠨ ᠮᠠᠯ ᠠᠵᠤ ᠠᠬᠤᠢ ᠶᠢ ᠶᠡᠬᠡᠪᠡᠷ ᠬᠦᠭᠵᠢᠬᠦᠯᠪᠡ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠂ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ ᠦᠵᠡᠭᠦᠯᠬᠦ ᠲᠥᠪ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠦ᠂ ᠲᠦᠮᠡᠨ ᠲᠣᠯᠣᠭᠠᠢ ᠮᠢᠬᠠᠨ ᠤ ᠦᠬᠡᠷ ᠲᠡᠵᠢᠭᠡᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠪᠠ᠃ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠶᠢᠮᠠᠭ ᠤᠨ ᠲᠠᠰ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠢ ᠨᠡᠶᠢᠲᠡ 40 ᠪᠣᠶᠢᠵᠢᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠶᠢ 200᠎ ᠶᠢ ᠪᠠᠶᠢᠭᠤᠯᠵᠤ᠂ ᠳᠡᠭᠡᠷ᠎ᠡ ᠬᠠᠭᠠᠰ ᠵᠢᠯ ᠳᠤ 7066 ᠦᠨᠢᠶ᠎ᠡ ᠳᠤ ᠬᠡᠭᠡᠯᠳᠦᠭᠦᠯᠭᠡ ᠬᠢᠵᠦ᠂ ᠵᠢᠯ ᠤᠨ ᠡᠭᠦᠷᠭᠡ ᠶᠢᠨ 57%᠎ ᠶᠢ ᠪᠡᠶᠡᠯᠡᠭᠦᠯᠪᠡ᠃ ᠦᠵᠦᠮᠦᠴᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 1 ᠡᠭᠦᠯᠳᠡᠷ ᠤᠨ ᠬᠤᠨᠢᠨ ᠤ ᠲᠠᠯᠠᠪᠠᠶ ᠂ 18 ᠦᠷᠡᠵᠢᠬᠦᠯᠦᠨ ᠦᠰᠬᠡᠬᠦ ᠲᠠᠯᠠᠪᠠᠶ᠂ 300 ᠭᠤᠤᠯᠳᠠᠯᠭᠠᠳᠤ ᠰᠦᠷᠦᠭ ᠢ ᠥᠷᠭᠡᠳᠬᠡᠨ ᠪᠤᠶᠢᠵᠢᠭᠤᠯᠪᠠ᠃ ᠣᠲᠣ ᠦᠶ᠎ᠡ ᠶᠢᠨ ᠠᠳᠤᠭᠤᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠣᠩᠭᠤᠯ ᠠᠳᠤᠭᠤᠨ ᠤ ᠬᠠᠮᠠᠭᠠᠯᠠᠯᠲᠠ ᠶᠢᠨ 63 ᠭᠤᠤᠯᠳᠠᠯᠭᠠᠳᠤ ᠰᠦᠷᠦᠭ ᠢ ᠪᠤᠶᠢᠵᠢᠭᠤᠯᠤᠨ᠂ 30 ᠠᠳᠤᠭᠤᠨ ᠤ ᠬᠠᠰᠢᠶ᠎ᠠ ᠶᠢ ᠰᠢᠨ᠎ᠡ ᠪᠠᠷ ᠪᠠᠶᠢᠭᠤᠯᠵᠤ᠂ 470 ᠮᠣᠩᠭᠤᠯ ᠠᠳᠤᠭᠤᠨ ᠳᠤ ᠬᠢᠨᠠᠨ ᠬᠡᠮᠵᠢᠯᠳᠠ ᠬᠢᠬᠦ ᠶᠢᠨ ᠬᠠᠮᠲᠤ ᠤᠯᠤᠰ ᠤᠨ ᠬᠠᠮᠠᠭᠠᠯᠠᠯᠲᠠ ᠶᠢᠨ ᠣᠷᠣᠨ ᠤ ᠲᠣᠭᠠᠴᠢᠯᠠᠭᠰᠠᠨ ᠰᠢᠰᠲ᠋ᠧᠮ ᠤᠨ ᠬᠠᠮᠢᠶᠠᠷᠤᠯᠲᠠ ᠳᠤ ᠤᠷᠤᠭᠤᠯᠪᠠ᠃ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 1᠎ ᠶᠢ ᠪᠠᠶᠢᠭᠤᠯᠵᠤ ᠂ ᠦᠨᠢᠶ᠎ᠡ ᠰᠠᠭᠠᠬᠤ ᠥᠷᠲᠡᠭᠡ 2᠎ ᠶᠢ ᠡᠬᠢᠯᠡᠨ ᠪᠠᠶᠢᠭᠤᠯᠵᠤ᠂ 4 ᠡᠵᠡᠩᠨᠡᠯᠲᠡ ᠶᠢᠨ ᠭᠤᠣᠯ ᠴᠣᠭᠴᠠ ᠨᠢ ᠰᠢᠯᠢ ᠶᠢᠨ ᠭᠤᠣᠯ ᠤᠨ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠶᠢ ᠣᠯᠪᠠ᠃ ᠡᠪᠡᠰᠦ ᠪᠤᠷᠳᠤᠭᠠᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ 7.4 ᠲᠦᠮᠡᠨ ᠮᠦ ᠡᠪᠡᠰᠦ ᠪᠣᠷᠳᠤᠭ᠎ᠠ ᠶᠢ ᠬᠥᠮᠥᠨ ᠤ ᠬᠦᠴᠦ ᠪᠠᠷ ᠳᠠᠷᠢᠵᠤ᠂  ᠬᠤᠯᠢᠮᠠᠭ ᠲᠡᠵᠢᠭᠡᠯ ᠪᠤᠷᠳᠤᠭ᠎ᠠ ᠡᠳ᠋ᠰᠢᠭᠦᠯᠬᠦ ᠲᠥᠪ ᠢ 2 ᠪᠠᠶᠢᠭᠤᠯᠵᠤ᠂ ᠲᠣᠮᠣ ᠬᠡᠯᠪᠡᠷᠢ ᠶᠢᠨ ᠡᠪᠡᠰᠦ ᠪᠤᠷᠳᠤᠭᠠᠨ ᠤ ᠠᠷᠠᠯᠵᠢᠶᠠᠨ ᠤ ᠲᠥᠪ ᠢ 1᠎ ᠶᠢ ᠥᠷᠭᠡᠳᠬᠡᠨ ᠪᠠᠶᠢᠭᠤᠯᠪᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠳᠤᠮᠳᠠᠳᠤ ᠤᠯᠤᠰ ᠤᠨ ᠨᠢᠭᠡ ᠰᠢᠶᠠᠩ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠪᠠᠯᠭᠠᠰᠤ 1᠎ ᠶᠢ ᠡᠭᠦᠳᠦᠨ ᠪᠠᠶᠢᠭᠤᠯᠵᠦ  ᠂ ᠴᠠᠭᠠᠨ ᠦᠬᠡᠷ᠂ ᠴᠠᠭᠠᠨ ᠠᠳᠤᠭᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 2 ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ 1 ᠠᠵᠤ ᠠᠬᠤᠶᠢᠯᠠᠯ ᠰᠢᠯᠢ ᠶᠢᠨ ᠭᠤᠣᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠶᠢ ᠣᠯᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ 410 ᠲᠦᠮᠡᠨ ᠲᠣᠯᠣᠭᠠᠢ ᠮᠠᠯ ᠰᠦᠷᠦᠭ ᠲᠤ ᠬᠢᠵᠢᠭ ᠠᠴᠠ ᠰᠡᠷᠭᠡᠶᠢᠯᠡᠬᠦ ᠲᠠᠷᠢᠯᠭ᠎ᠠ ᠲᠠᠷᠢᠬᠤ ᠶᠢ ᠪᠡᠶᠡᠯᠡᠬᠦᠯᠵᠦ᠂ 400 ᠭᠠᠷᠤᠢ ᠲᠣᠨ ᠡᠪᠡᠳᠴᠢᠨ ᠢᠶᠠᠷ ᠦᠬᠦᠭᠰᠡᠨ ᠮᠠᠯ ᠢ ᠰᠢᠢᠳᠪᠦᠷᠢᠯᠡᠵᠡᠢ᠃     —— ᠠᠵᠤ ᠦᠢᠯᠡᠳᠪᠦᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ 28 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 208.8 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.9%᠎ ᠪᠠᠷ ᠨᠡᠮᠡᠭᠳᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠳᠤ 4 ᠤᠳᠠᠭ᠎ᠠ ᠢᠳᠡᠪᠬᠢᠲᠡᠢ ᠬᠠᠮᠵᠢᠯᠴᠠᠵᠤ᠂ ᠬᠤᠸᠠ ᠷᠦᠨ ᠪᠦᠯᠦᠭᠯᠡᠯ ᠤᠨ ᠦ᠋ ᠵᠢᠶᠠᠨ ᠹᠠᠩ ᠪᠠᠷᠠᠭᠤᠨ ᠨᠢᠭᠡᠳᠦᠭᠡᠷ ᠠᠭᠤᠷᠬᠠᠢ᠂ ᠵᠢᠷ ᠤᠨ ᠭᠤᠣᠯ ᠬᠤᠶᠠᠳᠤᠭᠠᠷ ᠠᠭᠤᠷᠬᠠᠢ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠵᠢᠯᠣᠭᠤᠳᠤᠨ  ᠱᠠᠭᠠᠷᠳᠠᠵᠦ᠂ 1—6 ᠳ᠋ᠤᠭᠠᠷ ᠰᠠᠷ᠎ᠠ ᠳᠤ ᠨᠡᠶᠢᠲᠡ 3211.3 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠎ ᠬᠢ ᠠᠴᠠ 12.8%᠎ ᠪᠠᠷ ᠨᠡᠮᠡᠭᠳᠡᠪᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠰᠤ᠋ ᠨᠧᠩ ᠪᠠᠶᠠᠨᠬᠤᠸᠠ ᠴᠠᠬᠢᠯᠭᠠᠨ ᠤ ᠦᠢᠯᠡᠳᠪᠦᠷᠢ᠂ ᠪᠠᠶᠠᠨᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠢ ᠱᠠᠯᠠᠪᠳᠠᠨ ᠪᠠᠶᠢᠭᠤᠯᠵᠤ᠂ ᠳᠡᠭᠡᠷ᠎ᠡ ᠬᠠᠭᠠᠰ ᠵᠢᠯ ᠳᠤ ᠨᠡᠶᠢᠲᠡ 120.2 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 24.1%᠎ ᠪᠠᠷ ᠨᠡᠮᠡᠭᠳᠡᠪᠡ᠃ ᠢᠦᠢ ᠯᠦᠩ ᠠᠭᠤᠷᠬᠠᠢ ᠶᠢᠨ ᠦᠢᠯᠡᠰ᠂ ᠶᠢᠨ ᠮᠠᠨ ᠠᠭᠤᠷᠬᠠᠢ ᠶᠢᠨ ᠦᠢᠯᠡᠰ᠂ ᠪᠠᠶᠠᠨᠬᠤᠸᠠ ᠦᠨᠳᠦᠷ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠳᠠᠰᠤ᠂ ᠪᠦᠦ ᠱᠦᠸᠧ ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠡᠬᠢᠨ ᠠᠴᠠ ᠨᠠᠰᠢ ᠨᠡᠶᠢᠲᠡ 2.3 ᠲᠦᠮᠡᠨ ᠲᠣᠨ ᠥᠩᠭᠡᠲᠦ ᠲᠡᠮᠦᠷᠯᠢᠭ ᠢ ᠰᠣᠩᠭᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 22.6%᠎ ᠪᠠᠷ ᠨᠡᠮᠡᠭᠳᠡᠪᠡ᠃ ᠥᠩᠭᠡᠲᠦ ᠲᠡᠮᠦᠷᠯᠢᠭ ᠵᠢᠴᠢ ᠬᠠᠶᠢᠯᠤᠰᠢ ᠶᠢ 46.7 ᠲᠦᠮᠡᠨ ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 116.7%᠎ ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠶᠤᠸᠠᠨ ᠹᠧᠩ ᠠᠵᠤ ᠦᠢᠯᠡᠰ ᠤᠨ ᠵᠢᠯ ᠳᠤ 20 ᠲᠦᠮᠡᠨ ᠲᠣᠨ ᠬᠥᠩᠭᠡᠨ ᠴᠢᠨᠠᠷ ᠤᠨ ᠴᠣᠬᠤᠶᠢᠳᠠᠭᠰᠠᠨ ᠵᠤᠭᠠᠩ ᠦᠢᠯᠡᠳᠪᠦᠷᠢᠯᠡᠬᠦ ᠲᠥᠷᠥᠯ ᠵᠦᠢᠯ᠂ ᠮᠧᠩ ᠭᠦᠢ ᠰᠢᠨᠵᠢᠯᠡᠬᠦ ᠤᠬᠠᠭᠠᠨ ᠮᠡᠷᠭᠡᠵᠢᠯ ᠤᠨ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠣᠬᠢᠷᠲᠤᠯ ᠦᠭᠡᠢ ᠤᠶᠤᠨᠳᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ᠂ 2 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠨ᠂ 6 ᠵᠦᠢᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ 5 ᠵᠦᠢᠯ ᠤᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠴᠢᠩᠭᠠᠳᠬᠠᠵᠤ᠂ ᠢᠦᠢ ᠯᠦᠩ ᠠᠭᠤᠷᠬᠠᠢ ᠶᠢᠨ ᠦᠢᠯᠡᠰ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ 9 ᠡᠨᠧᠷᠭᠢ ᠬᠡᠷᠡᠭᠯᠡᠬᠦ ᠠᠵᠤ ᠠᠬᠤᠶᠢᠯᠠᠯ 95 ᠲᠦᠮᠡᠨ ᠪᠤᠬᠢᠷᠳᠤᠯ ᠦᠭᠡᠢ ᠴᠠᠬᠢᠯᠭᠠᠨ ᠤ ᠦᠨᠡᠮᠯᠡᠯ ᠢ ᠬᠤᠳᠠᠯᠳᠤᠨ ᠠᠪᠤᠪᠠ᠃      ——ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠦᠷᠭᠡᠨ ᠬᠦᠭᠵᠢᠬᠦᠯᠪᠡ᠃ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠵᠡᠷᠭᠡ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠰᠢᠨ᠎ᠡ ︽ᠵᠢᠭᠤᠯᠴᠢᠯᠠᠯ ᠤᠨ ᠠᠷᠪᠠᠨ ᠵᠤᠷᠪᠤᠰ︾᠎ ᠢ ᠵᠠᠰᠠᠨ ᠲᠣᠭᠲᠠᠭᠠᠵᠤ᠂ 2023 ᠣᠨ ᠤ ᠳᠡᠳᠬᠦᠨ ᠱᠠᠩᠨᠠᠬᠤ ᠪᠡᠯᠡ ᠮᠥᠩᠭᠦ ᠶᠢ 215 ᠲᠦᠮᠡᠨ ᠲᠥᠭᠦᠷᠢᠭ ᠣᠯᠭᠤᠵᠤ᠂ 99 ᠨᠣᠮᠧᠷᠲᠤ ᠵᠠᠰᠠᠮᠠᠯ ᠵᠠᠮ ᠤᠨ ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ᠶᠤᠯᠤ ᠬᠠᠶᠢᠷᠬᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠭᠦᠷᠭᠡᠨ ᠵᠠᠮ ᠢ ᠪᠠᠶᠢᠭᠤᠯᠤᠨ ᠳᠠᠭᠤᠰᠬᠠᠵᠤ᠂ ᠬᠠᠪᠴᠢᠭᠠᠢ ᠶᠢᠨ ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠠᠬᠢᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠎ ᠢᠶᠠᠷ IP ᠪᠣᠯᠭᠠᠭᠰᠠᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠬᠡᠷᠡᠯ ᠵᠢᠷᠤᠭ ᠤᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠪᠠᠷᠤᠭ 23.5 ᠲᠦᠮᠡᠨ ᠬᠥᠮᠥᠨ ᠤᠳᠠᠭ᠎ᠠ ᠲᠠᠲᠠᠵᠤ ᠂ ᠵᠢᠭᠤᠯᠴᠢᠯᠠᠯ ᠤᠨ ᠣᠷᠣᠯᠭ᠎ᠠ 8225 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 43% ᠪᠠ 22%᠎ ᠪᠠᠷ ᠨᠡᠮᠡᠭᠳᠡᠪᠡ᠃ ᠢᠯᠠᠩᠭᠤᠶ᠎ᠠ ᠠᠩᠬᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠎ ᠤᠨ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠨᠢ ᠨᠡᠶᠢᠭᠡᠮ ᠳᠡᠭᠡᠷ᠎ᠡ ᠬᠠᠯᠠᠭᠤᠨ ᠲᠤᠰᠬᠠᠯ ᠭᠠᠷᠴᠤ᠂ ᠲᠥᠪ ᠲᠧᠯᠸᠢᠰ ᠤᠨ ᠦᠳᠡᠰᠢ ᠶᠢᠨ ᠰᠣᠨᠢᠨ ᠮᠡᠳᠡᠭᠡᠨ ᠤ ᠪᠤᠯᠤᠩ ᠳᠤ ᠨᠡᠪᠳᠡᠷᠡᠬᠦᠯᠦᠭᠰᠡᠨ ᠪᠥᠭᠡᠳ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠᠷ ᠳᠠᠮᠵᠢᠭᠤᠯᠤᠨ ᠰᠢᠭᠤᠳ ᠨᠠᠪᠲᠠᠷᠡᠭᠦᠯᠵᠦ᠂ ᠮᠠᠨ ᠤ ᠬᠤᠰᠢᠭᠤᠨ ᠤ ᠭᠠᠵᠠᠷ ᠣᠷᠣᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽2024 ᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠨᠡᠶᠢᠲᠡ 4539 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 52%᠎ ᠪᠠᠷ ᠨᠡᠮᠡᠭᠳᠡᠪᠡ᠃     ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠨᠡᠩ ᠰᠢᠯᠢᠳᠡᠭᠵᠢᠬᠦᠯᠪᠡ     —— ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠪᠠ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠰ ᠬᠤᠭᠤᠴᠠᠭᠠᠨ ᠳᠤ ᠪᠠᠶᠢᠭ᠎ᠠ ᠠᠭᠤᠷᠬᠠᠢ ᠳᠤ 9020 ᠲᠦᠮᠡᠨ ᠲᠥᠭᠦᠷᠢᠭ ᠣᠷᠣᠭᠤᠯᠵᠤ᠂ 3 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠶᠢ ᠵᠠᠰᠠᠨ ᠳᠠᠭᠤᠰᠬᠠᠵᠤ᠂ ᠵᠠᠰᠠᠭ ᠤᠨ ᠣᠷᠳᠣᠨ ᠠᠴᠠ 430 ᠲᠦᠮᠡᠨ ᠲᠥᠭᠦᠷᠢᠭ ᠣᠷᠣᠭᠤᠯᠵᠤ᠂ ᠤᠷᠬᠢᠭᠳᠠᠵᠤ ᠬᠠᠶᠠᠭᠳᠠᠭᠰᠠᠨ 2 ᠠᠭᠤᠷᠬᠠᠢ ᠶᠢᠨ ᠨᠦᠬᠡ ᠶᠢᠨ 0.4 ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠵᠠᠰᠠᠵᠦ᠂ ᠶᠤᠸᠠᠢ ᠶᠢᠨ ᠨᠡᠭᠦᠷᠡᠰᠦᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠬᠠᠭᠠᠯᠪᠤᠷᠢᠯᠠᠭᠰᠠᠨ ᠭᠠᠵᠠᠷ ᠰᠢᠷᠤᠢ ᠶᠢ ᠰᠡᠷᠭᠦᠭᠡᠬᠦ ᠢᠨᠵᠧᠨᠧᠷᠢᠩ ᠤᠨ 95%᠎ ᠶᠢᠨ ᠶᠡᠷᠦᠩᠬᠡᠢ ᠬᠡᠮᠵᠢᠶ᠎ᠡ ᠶᠢ ᠪᠡᠶᠡᠯᠡᠭᠦᠯᠪᠡ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠷᠤᠬᠠᠨ ᠭᠤᠣᠯ ︵ᠪᠠᠶᠠᠨᠬᠤᠸᠠ ᠪᠠᠯᠭᠠᠰᠤ ᠶᠢᠨ ᠬᠡᠰᠡᠭ︶᠎ ᠢ ᠵᠠᠰᠠᠬᠤ ᠢᠨᠵᠧᠨᠧᠷᠢᠩ ᠤᠨ ᠤᠰᠤᠨ ᠳᠤ ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ ᠢᠨᠵᠧᠨᠧᠷᠢᠩ ᠪᠣᠯᠣᠨ ᠪᠠᠯᠭᠠᠷᠭᠤᠣᠯ  ᠪᠠᠯᠭᠠᠰᠤᠨ ᠤ ᠪᠠᠷᠠᠭᠤᠨ ᠡᠮᠦᠨᠡᠬᠢ ᠦᠶᠡᠷ ᠢ ᠰᠡᠷᠭᠡᠶᠢᠯᠡᠬᠦ ᠢᠨᠵᠧᠨᠧᠷᠢᠩ ᠤᠨ ᠤᠰᠤᠨ ᠳᠤ ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠤᠯᠠᠭᠠᠨ ᠬᠠᠭᠠᠯᠭ᠎ᠠ ᠰᠤᠮᠤᠨ ᠤ  ᠰᠢᠨᠡᠭᠤᠣᠯ ᠤᠨ ᠵᠢᠵᠢᠭ ᠰᠠᠪᠠ ᠭᠠᠵᠠᠷ ᠢ ᠵᠠᠰᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠤᠢ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠵᠠᠰᠠᠨ ᠰᠡᠷᠭᠦᠭᠡᠬᠦ ᠢᠨᠵᠧᠨᠧᠷᠢᠩ ᠢ 2.5 ᠲᠦᠮᠡᠨ ᠮᠦ ᠨᠠᠶᠢᠳᠠᠪᠤᠷᠢᠵᠢᠭᠤᠯᠵᠤ᠂ ᠪᠤᠳᠠ ᠮᠣᠳᠣᠨ ᠤ ᠪᠦᠷᠬᠦᠴᠡ ᠶᠢ 40%᠎ ᠠᠴᠠ ᠳᠡᠭᠡᠭᠰᠢ ᠪᠣᠯᠭᠠᠪᠠ᠃ ︽ᠪᠠᠷᠠᠭᠤᠨ ᠦᠵᠦᠮᠦᠴᠢᠨ ᠬᠤᠰᠢᠭᠤᠨ ᠤ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠵᠢᠴᠢ 20 ᠵᠦᠢᠯ ᠤᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠤᠭᠠᠬᠤ ᠨᠥᠬᠦᠪᠦᠷᠢ ᠶᠢᠨ ᠪᠡᠯᠡ ᠮᠥᠩᠭᠦ ᠶᠢ 2880 ᠲᠦᠮᠡᠨ ᠲᠥᠭᠦᠷᠢᠭ ᠲᠠᠷᠬᠠᠭᠠᠵᠤ᠂ ᠲᠠᠷᠢᠮᠠᠯ ᠪᠡᠯᠴᠢᠭᠡᠷ ᠢ 2 ᠲᠦᠮᠡᠨ ᠮᠦ ᠲᠠᠷᠢᠪᠠ᠃ 19 ᠲᠦᠮᠡᠨ ᠮᠦ ᠨᠤᠲᠤᠭ ᠪᠡᠯᠴᠢᠭᠡᠷ ᠲᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠦ᠂ 550 ᠲᠦᠮᠡᠨ ᠮᠦ ᠨᠤᠲᠤᠭ ᠪᠡᠯᠴᠢᠭᠡᠷ ᠲᠤ ᠴᠠᠷᠴᠠᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠪᠡ᠃ ᠭᠠᠳᠠᠨ᠎ᠠ ᠠᠴᠠ ᠮᠠᠯ ᠤᠷᠤᠭᠤᠯᠵᠦ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ 9 ᠪᠠᠶᠢᠴᠠᠭᠠᠯᠲᠠ ᠶᠢᠨ ᠥᠷᠲᠡᠭᠡ ᠨᠢ ᠨᠡᠶᠢᠲᠡ 196 ᠮᠠᠰᠢᠨ ᠲᠡᠷᠭᠡ᠂ 3344 ᠮᠠᠯ ᠤᠨᠤᠭ᠎ᠠ ᠶᠢ ᠢᠳᠬᠠᠨ ᠪᠤᠴᠠᠭᠠᠵᠠᠢ᠃ 6 ᠳ᠋ᠤᠭᠠᠷ ᠰᠠᠷ᠎ᠠ ᠳᠤ ᠪᠠᠶᠢᠭᠠᠯᠢ ᠶᠢᠨ ᠡᠪᠡᠰᠦᠲᠦ ᠭᠠᠵᠠᠷ ᠤᠨ ᠳᠤᠮᠳᠠᠴᠢ ᠪᠦᠷᠬᠦᠴᠡ 45.2%᠂ ᠳᠤᠮᠳᠠᠴᠢ ᠥᠨᠳᠥᠷ ᠤᠨ ᠬᠡᠮᠵᠢᠶ᠎ᠡ 11.7 ᠰᠠᠨᠲ᠋ᠢᠮᠧᠲᠷ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.2 ᠪᠠ 17 ᠵᠠᠭᠤᠨ ᠤ ᠨᠢᠭᠡᠴᠢ ᠳᠡᠭᠡᠭᠰᠢᠯᠡᠵᠡᠢ᠃ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠤ ᠣᠷᠣᠨ ᠢ ᠵᠠᠰᠠᠬᠤ ᠲᠥᠷᠥᠯ ᠵᠦᠢᠯ ᠢ 9.4 ᠲᠦᠮᠡᠨ ᠮᠦ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠦᠷᠦᠯ ᠵᠦᠢᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠯᠭᠠᠯᠳᠤᠭᠰᠠᠨ ᠣᠷᠣᠨ ᠤ ᠲᠥᠷᠥᠯ ᠵᠦᠢᠯ ᠢ 19.7 ᠲᠦᠮᠡᠨ ᠮᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ 3 ᠲᠦᠮᠡᠨ ᠮᠦ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃      —— ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 13 ᠵᠦᠢᠯ ᠤᠨ ᠠᠰᠠᠭᠤᠳᠠᠯ ᠤᠨ 8 ᠵᠦᠢᠯ ᠢ ᠰᠢᠢᠳᠪᠦᠷᠢᠯᠡᠵᠦ ᠳᠠᠭᠤᠰᠬᠠᠨ᠂ 2 ᠵᠦᠢᠯ ᠤᠨ ᠠᠰᠠᠭᠤᠳᠠᠯ ᠤᠨ ᠰᠢᠢᠳᠪᠦᠷᠢᠯᠡᠬᠦ ᠨᠥᠬᠦᠴᠡᠯ ᠢ ᠪᠦᠷᠢᠳᠦᠭᠦᠯᠵᠦ᠂ ᠦᠯᠡᠳᠡᠭᠰᠡᠨ 3 ᠵᠦᠢᠯ ᠤᠨ ᠠᠰᠠᠭᠤᠳᠠᠯ ᠢ ᠴᠠᠭ ᠤᠨ ᠳᠠᠷᠠᠭᠠᠯᠠᠯ ᠢᠶᠠᠷ ᠰᠢᠢᠳᠪᠦᠷᠢᠯᠡᠬᠦ ᠠᠬᠢᠴᠠ ᠳᠤ ᠬᠦᠷᠭᠡᠪᠡ᠃ ᠬᠦᠯᠢᠶᠡᠨ ᠠᠪᠤᠭᠰᠠᠨ 19 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠦᠬᠦᠨ ᠢ ᠳᠡᠭᠡᠭᠰᠢ ᠮᠡᠳᠡᠭᠦᠯᠦᠨ ᠰᠢᠢᠳᠪᠦᠷᠢᠯᠡᠵᠦ ᠳᠠᠭᠤᠰᠬᠠᠪᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠴᠠᠭ ᠪᠦᠷᠢ 65 ᠲᠣᠨ ᠠᠴᠠ ᠳᠡᠭᠡᠭᠰᠢ ᠨᠡᠭᠦᠷᠡᠰᠦ ᠰᠢᠲᠠᠭᠠᠬᠤ ᠭᠦᠸᠧᠯᠦ ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠬᠦᠯᠵᠦ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠪᠠ ᠲᠠᠷᠠᠬᠠᠢ ᠪᠤᠲᠠᠷᠬᠠᠢ ᠠᠭᠤᠷᠬᠠᠢ ᠶᠢ ᠵᠠᠰᠠᠬᠤ ᠠᠵᠢᠯ ᠢ ᠪᠠᠶᠢᠩᠭᠤ ᠥᠷᠨᠢᠭᠦᠯᠪᠡ᠃ 1—6 ᠰᠠᠷ᠎ᠠ ᠳᠤ᠂ ᠮᠠᠨ ᠤ ᠬᠤᠰᠢᠭᠤᠨ ᠤ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 97.8%᠎ ᠳᠤ ᠬᠦᠷᠴᠦ᠂ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠪᠥᠬᠦ ᠣᠷᠣᠨ ᠤ ᠭᠤᠷᠪᠠᠳᠤᠭᠠᠷ ᠲᠤ ᠣᠷᠣᠪᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠬᠢᠷ ᠤᠰᠤ ᠰᠢᠢᠳᠪᠦᠷᠢᠯᠡᠬᠦ 2 ᠦᠢᠯᠡᠳᠪᠦᠷᠢ ᠶᠢ ᠪᠠᠷᠢᠮᠵᠢᠶ᠎ᠠ ᠳᠤ ᠬᠦᠷᠦᠭᠦᠯᠦᠨ ᠤᠰᠤ ᠭᠠᠳᠠᠭᠰᠢᠯᠠᠭᠤᠯᠵᠤ᠂ ᠬᠤᠲᠠ ᠪᠠᠯᠭᠠᠰᠤᠨ ᠤ ᠲᠥᠪᠯᠡᠷᠡᠩᠭᠦᠢ ᠮᠠᠶ᠋ᠢᠭ ᠤᠨ 1 ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠪᠠᠶᠢᠯᠭᠠᠵᠤ᠂ ᠰᠤᠮᠤ ᠪᠠᠯᠭᠠᠰᠤ᠂ ᠭᠠᠴᠠᠭᠠᠨ ᠠᠴᠠ ᠪᠠᠶᠢᠴᠠᠭᠠᠨ ᠢᠯᠡᠷᠡᠭᠦᠯᠦᠭᠰᠡᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ 6 ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠦ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ ᠠᠶᠤᠯᠲᠠᠢ ᠬᠠᠶᠠᠭᠳᠠᠮᠠᠯ ᠪᠣᠳᠠᠰ ᠢ 12 ᠤᠳᠠᠭ᠎ᠠ ᠪᠠᠶᠢᠴᠠᠭᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ 3 ᠨᠢᠭᠡᠴᠡ ᠶᠢ ᠱᠠᠭᠠᠷᠳᠠᠨ᠂ ᠬᠥᠷᠥᠰᠥ ᠰᠢᠷᠣᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 28 ᠲᠣᠨ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ 5 ᠦᠯᠡᠳᠡᠭᠳᠡᠯ ᠬᠦᠳᠡᠷ ᠤᠨ ᠬᠥᠮᠥᠷᠭᠡ ᠶᠢ ᠵᠢᠭᠰᠠᠭᠠᠨ ᠪᠠᠶᠢᠴᠠᠭᠠᠪᠠ᠃ ᠣᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠵᠦ᠂ 17 ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠢᠨᠠᠨ ᠡᠵᠡᠮᠳᠡᠬᠦ ᠲᠥᠷᠥᠯ ᠵᠦᠢᠯ ᠢ ᠪᠠᠶᠢᠭᠤᠯᠪᠠ᠃     ︵ᠳᠥᠷᠪᠡ︶ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ      —— ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠵᠢᠯ ᠤᠨ ᠡᠬᠢᠨ ᠤ ᠠᠩᠬᠠᠳᠤᠭᠠᠷ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ᠂ ᠲᠢᠶᠠᠨᠵᠢᠨ᠂ ᠵᠢᠶᠠᠩᠰᠤ᠂ ᠹᠦᠵᠢᠶᠠᠨ᠂ ᠵᠧᠵᠢᠶᠠᠩ᠂ ᠯᠢᠶᠣᠤᠨᠢᠩ ᠵᠡᠷᠭᠡ ᠣᠯᠠᠨ ᠭᠠᠵᠠᠷ ᠲᠤ ᠲᠤᠰᠬᠠᠢ ᠲᠠᠯᠠᠪᠤᠷ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠠᠶᠢᠴᠠᠭᠠᠯᠲᠠ ᠶᠢ ᠨᠡᠶᠢᠲᠡ 26 ᠤᠳᠠᠭ᠎ᠠ ᠥᠷᠨᠢᠭᠦᠯᠪᠡ᠃ ᠡᠭᠦᠨ ᠳᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ 4 ᠤᠳᠠᠭ᠎ᠠ ᠬᠤᠳᠠᠯᠳᠤᠭᠠᠴᠢᠨ ᠤᠷᠢᠵᠤ᠂ 62 ᠲᠥᠷᠥᠯ ᠵᠦᠢᠯ ᠢ ᠬᠡᠯᠡᠯᠴᠡᠵᠦ᠂ 14 ᠲᠥᠷᠥᠯ ᠵᠦᠢᠯ ᠲᠠᠢ ᠭᠡᠷ᠎ᠡ ᠲᠣᠭᠲᠠᠵᠤ᠂ 4 ᠲᠥᠷᠥᠯ ᠵᠦᠢᠯ ᠢ ᠨᠠᠶᠢᠳᠠᠪᠤᠷᠢᠵᠢᠭᠤᠯᠤᠨ᠂ 5 ᠲᠥᠷᠥᠯ ᠵᠦᠢᠯ ᠢ ᠠᠵᠢᠯ ᠡᠬᠢᠯᠡᠭᠦᠯᠵᠦ᠂ ᠣᠷᠣᠨ ᠤ ᠭᠠᠳᠠᠨᠠᠬᠢ 42.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠣᠨ ᠤ ᠡᠭᠦᠷᠭᠡ ᠶᠢᠨ 69.6%᠎ ᠶᠢ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠤᠷᠤᠪᠠ᠃     ——ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 48 ᠵᠦᠢᠯ ᠤᠨ ᠠᠵᠢᠯ ᠤᠨ ᠡᠭᠦᠷᠭᠡ᠂ 91 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ 8 ᠵᠦᠢᠯ ᠤᠨ ᠠᠵᠢᠯ ᠤᠨ ᠡᠭᠦᠷᠭᠡ᠂ 11 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾᠎ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠨ᠂ 12345 ᠤᠲᠠᠰᠤᠨ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ 1—6 ᠰᠠᠷ᠎ᠠ ᠳᠤ ᠨᠡᠶᠢᠲᠡ 2498 ᠬᠤᠪᠢ ᠠᠰᠠᠭᠤᠳᠠᠯ ᠢ ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.47%᠂ ᠰᠢᠢᠳᠪᠦᠷᠢᠯᠡᠭᠰᠡᠨ ᠨᠣᠷᠮ᠎ᠠ 99.95%᠂  ᠬᠠᠨᠤᠮᠵᠢ ᠶᠢᠨ ᠨᠣᠷᠮ᠎ᠠ 99.95%᠎ ᠳᠤ ᠬᠥᠷᠪᠡ᠃ ︽ᠶᠠᠪᠤᠳᠠᠯ ᠪᠦᠬᠦᠨ ᠢ ᠥᠨᠳᠥᠷ ᠪᠦᠲᠦᠮᠵᠢᠲᠡᠶ ᠪᠦᠲᠦᠭᠡᠬᠦ︾᠎ ᠪᠠᠷ 13 ᠭᠤᠣᠯᠳᠠᠯᠭ᠎ᠠ ᠲᠠᠢ ᠳᠦᠷᠦᠯ ᠵᠦᠢᠯ ᠢ ᠪᠦᠬᠦᠨ ᠢ ᠰᠦᠯᠵᠢᠶᠡᠨ ᠳᠤ ᠣᠷᠣᠭᠤᠯᠤᠨ ᠲᠤᠷᠰᠢᠨ ᠠᠵᠢᠯᠯᠠᠭᠤᠯᠵᠤ᠂ ᠨᠡᠶᠢᠲᠡ 2256 ᠵᠦᠢᠯ ᠢ ᠭᠦᠢᠴᠡᠳᠬᠡᠪᠡ᠃ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ 80 ᠲᠥᠷᠥᠯ ᠵᠦᠢᠯ ᠢ ᠬᠠᠪᠰᠤᠷᠤᠨ ᠡᠷᠭᠢᠯᠡᠵᠦ᠂ 1.5 ᠲᠦᠮᠡ ᠭᠠᠷᠤᠢ ᠵᠦᠢᠯ ᠢ ᠭᠦᠢᠴᠡᠳᠬᠡᠪᠡ᠃ ᠲᠤᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠶᠢ ᠰᠢᠨ᠎ᠡ ᠶᠢ ᠡᠭᠦᠳᠦᠨ ᠭᠠᠷᠭᠠᠵᠤ᠂ ᠰᠤᠷᠪᠤᠯᠵᠢᠯᠠᠭᠰᠠᠨ ᠶᠡᠷᠦᠩᠬᠡᠢ ᠬᠡᠮᠵᠢᠶ᠎ᠡ ᠨᠢ 1 ᠲᠦᠮᠡ ᠭᠠᠷᠤᠢ ᠬᠥᠮᠥᠨ ᠤᠳᠠᠭ᠎ᠠ ᠳᠤ ᠬᠦᠷᠪᠡ᠃      —— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠪᠠ᠃ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 4 ᠰᠠᠯᠠᠭ᠎ᠠ ᠮᠥᠴᠢᠷ ᠨᠢᠭᠡᠴᠡ ᠶᠢ ᠫᠠᠶᠢᠰᠠ ᠡᠯᠭᠦᠨ ᠪᠠᠶᠢᠭᠤᠯᠪᠠ᠃ ᠳᠡᠭᠡᠳᠦ ᠱᠠᠲᠤᠨ ᠤ ᠪᠠᠭᠤᠯᠭᠠᠭᠰᠠᠨ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ 46 ᠡᠭᠦᠷᠭᠡ ᠶᠢ ᠬᠦᠯᠢᠶᠡᠨ ᠠᠪᠴᠤ᠂ ᠳᠡᠭᠡᠷ᠎ᠡ ᠬᠠᠭᠠᠰ ᠵᠢᠯ ᠳᠤ 14 ᠡᠭᠦᠷᠭᠡ ᠶᠢ ᠨᠠᠶᠢᠳᠠᠪᠤᠷᠢᠵᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠵᠦᠮᠦᠴᠢᠨ ᠴᠠᠭᠠᠨ ᠦᠬᠡᠷ ᠤᠨ ᠰᠢᠨ᠎ᠡ ᠡᠭᠦᠯᠳᠡᠷ ᠢ ᠪᠣᠶᠢᠵᠢᠭᠤᠯᠬᠤ ᠪᠠ ᠥᠨᠳᠥᠷ ᠡᠭᠦᠯᠳᠡᠷ ᠲᠠᠢ ︵ᠣᠯᠠᠨ ᠬᠦᠪᠦᠷᠡᠯ ᠲᠠᠢ︶ ᠦᠵᠦᠮᠦᠴᠢᠨ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠢᠳᠡᠪᠬᠢᠲᠡᠢ  ᠪᠠᠶᠢᠭᠤᠯᠪᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ 3 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 8 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 15 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠶᠠᠨ ᠪᠠᠶᠢᠭᠤᠯᠤᠨ ᠦᠨᠡᠯᠡᠨ ᠲᠣᠭᠲᠠᠭᠠᠵᠤ᠂ 8 ᠠᠵᠤ ᠠᠬᠤᠶᠢᠯᠠᠯ ᠳᠤ 218 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠪᠦᠷᠢ ᠶᠢᠨ ᠲᠤᠰᠬᠠᠢ ᠪᠡᠯᠡ ᠮᠥᠩᠭᠦ ᠣᠯᠭᠤᠪᠠ᠃      ︵ᠲᠠᠪᠤ︶ ᠰᠠᠭᠤᠷᠢ ᠳᠦᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠠᠰᠠᠮᠠᠯ ᠵᠠᠮ ᠤᠨ ᠭᠤᠣᠯ ᠱᠤᠭᠤᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠤᠯᠤᠰ ᠤᠨ ᠵᠠᠮ ᠤᠨ 207 ᠳ᠋ᠤᠭᠠᠷ ᠱᠤᠭᠤᠮ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠥᠬᠦ ᠱᠤᠭᠤᠮ ᠤᠨ ᠬᠠᠶᠢᠨ ᠪᠠᠶᠢᠴᠠᠭᠠᠯᠲᠠ ᠵᠢᠴᠢ ᠰᠤᠳᠤᠯᠵᠤ ᠪᠣᠯᠬᠤᠶᠢᠴᠠ ᠠᠩᠬᠠᠨ ᠤ ᠨᠣᠣᠷᠠᠭ ᠢ ᠪᠡᠶᠡᠯᠡᠭᠦᠯᠵᠦ᠂ ᠤᠯᠤᠰ ᠤᠨ ᠵᠠᠮ ᠤᠨ 305 ᠳ᠋ᠤᠭᠠᠷ ᠱᠤᠭᠤᠮ ᠤᠨ ᠬᠦᠨᠳᠡᠯᠡᠨ ᠠᠴᠠ ᠪᠠᠶᠠᠨᠬᠤᠸᠠ ᠬᠦᠷᠬᠦ ᠬᠡᠰᠡᠭ ᠵᠠᠰᠠᠮᠠᠯ ᠵᠠᠮ ᠤᠨ ᠨᠤᠲᠤᠭ ᠪᠡᠯᠴᠢᠭᠡᠷ ᠬᠡᠷᠡᠭᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠣᠯᠪᠠ᠃ ᠴᠠᠬᠢᠯᠭᠠᠨ ᠬᠦᠴᠦᠨ ᠤ ᠰᠢᠰᠲ᠋ᠧᠮ ᠢ ᠭᠠᠳᠠᠭᠰᠢ ᠳᠠᠮᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠰᠦ᠋ ᠨᠧᠩ ᠤᠨ ᠤᠯᠠᠭᠠᠢ ᠴᠠᠬᠢᠯᠭᠠᠨ ᠤ ᠦᠢᠯᠡᠳᠪᠦᠷᠢ ᠶᠢᠨ 500 ᠺᠢᠯᠤᠸᠤᠯᠲ ᠢ ᠳᠠᠮᠵᠢᠭᠤᠯᠬᠤ ᠢᠨᠵᠧᠨᠧᠷᠢᠩ᠂ ᠪᠠᠶᠠᠨᠬᠤᠸᠠ ᠶᠢᠨ ᠱᠠᠨ ᠴᠠᠬᠢᠯᠭᠠᠨ ᠤ ᠦᠢᠯᠡᠳᠪᠦᠷᠢ ᠶᠢᠨ 500 ᠺᠢᠯᠤᠸᠤᠯᠲ ᠢ ᠳᠠᠮᠵᠢᠭᠤᠯᠬᠤ ᠢᠨᠵᠧᠨᠧᠷᠢᠩ ᠤᠨ ᠠᠬᠢᠴᠠ ᠤᠷᠤᠭᠰᠢᠲᠠᠢ ᠪᠣᠯᠪᠠ᠃ ᠬᠦᠷᠢᠶᠡᠯᠡᠩ ᠲᠣᠭᠤᠷᠢᠭ ᠤᠨ ᠰᠠᠭᠤᠷᠢ ᠳᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠠᠨᠬᠤᠸᠠ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ︵ᠨᠢᠭᠡᠳᠦᠭᠡᠷ ᠬᠤᠭᠤᠴᠠᠭ᠎ᠠ︶᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ᠂ ᠠᠶᠤᠯᠲᠠᠢ ᠬᠢᠮᠢ ᠶᠢᠨ ᠡᠳ᠋ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠤᠰᠬᠠᠢ ᠲᠡᠷᠭᠡᠨ ᠵᠣᠭᠰᠣᠭᠠᠯ ᠵᠡᠷᠭᠡ ᠢᠨᠵᠧᠨᠧᠷᠢᠩ ᠤᠨ ᠲᠥᠷᠥᠯ ᠵᠦᠢᠯ ᠢ ᠶᠠᠭ ᠱᠠᠯᠠᠪᠳᠠᠨ ᠪᠠᠶᠢᠭᠤᠯᠵᠤ ᠪᠤᠢ᠃ ᠵᠢᠷᠤᠵᠤ ᠲᠥᠯᠥᠪᠯᠡᠭᠰᠡᠨ 5 ᠵᠤᠷᠪᠤᠰ ᠰᠢᠨ᠎ᠡ ᠪᠠᠷ ᠪᠠᠶᠢᠭᠤᠯᠬᠤ ᠵᠠᠮ ᠵᠢᠴᠢ ᠢᠵᠢ ᠪᠦᠷᠢᠳᠦᠭᠰᠡᠨ ᠬᠤᠭᠤᠯᠠᠢ ᠶᠢᠨ ᠲᠣᠣᠷ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠠᠬᠢᠴᠠ ᠲᠠᠢ ᠪᠣᠯᠪᠠ᠃ ᠣᠲᠣ ᠦᠶ᠎ᠡ ᠶᠢᠨ ᠵᠠᠮ ᠲᠡᠭᠡᠭᠡᠪᠦᠷᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠪᠠᠯᠭᠠᠷ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠬᠦ ᠵᠥᠪᠰᠢᠶᠡᠷᠡᠯ ᠣᠯᠵᠤ᠂ 8 ᠰᠠᠷ᠎ᠠ ᠳᠤ ᠠᠩᠬᠠᠨ ᠤ ᠨᠢᠰᠦᠯᠲᠡ ᠬᠢᠬᠦ ᠪᠠᠷ ᠲᠥᠯᠥᠪᠯᠡᠵᠦ ᠪᠣᠶ᠃ ᠪᠠᠶᠠᠨᠬᠤᠸᠠ ᠠᠴᠠ  ᠬᠤᠤᠯᠢᠨᠭᠤᠤᠯ ᠭᠤᠣᠯ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠨᠡᠪᠲᠡᠷᠡᠪᠡ᠃ ᠮᠡᠳᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 5G᠎ ᠶᠢᠨ ᠰᠠᠭᠤᠷᠢ ᠥᠷᠲᠡᠭᠡ ᠶᠢ ᠨᠡᠶᠢᠲᠡ 21 ᠪᠠᠶᠢᠭᠤᠯᠪᠠ᠃     ︵ᠵᠢᠷᠭᠤᠭ᠎ᠠ︶ ᠬᠤᠳᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ      —— ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 22.5 ᠲᠦᠮᠡᠨ ᠲᠥᠭᠦᠷᠢᠭ ᠣᠷᠣᠯᠠᠨ ᠲᠤᠰᠢᠶᠠᠵᠤ᠂ ︽ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ︾᠎ ᠤᠨ ᠪᠡᠯᠡ ᠮᠥᠩᠭᠦ ᠶᠢ 50 ᠲᠦᠮᠡᠨ ᠲᠥᠭᠦᠷᠢᠭ ᠣᠷᠣᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠲᠠᠢ ᠬᠠᠷᠢᠯᠴᠠᠨ᠂ ᠶᠠᠳᠠᠭᠤ ᠠᠴᠠ ᠠᠩᠭᠢᠵᠢᠷᠠᠭᠤᠯᠤᠭᠰᠠᠨ 263 ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠶᠢ 1294 ᠲᠦᠮᠡᠨ ᠲᠥᠭᠦᠷᠢᠭ ᠲᠠᠷᠬᠠᠭᠠᠵᠤ᠂ ︽ᠬᠤᠷ᠎ᠠ ᠪᠣᠷᠣᠭᠠᠨ ᠤ ᠲᠥᠯᠥᠪᠯᠡᠭᠡ︾᠎ ᠶᠢᠨ ᠨᠥᠬᠦᠪᠦᠷᠢ ᠶᠢ 13 ᠬᠥᠮᠥᠨ ᠳᠤ 1.95 ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ 30 ᠬᠥᠳᠡᠯᠮᠦᠷᠢ ᠬᠦᠴᠦᠨ ᠢ ᠲᠣᠬᠢᠷᠠᠭᠤᠯᠪᠠ᠃ 4188 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠮᠠᠯᠵᠢᠬᠤ ᠣᠷᠣᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ 1 ᠴᠡᠭᠡ ᠡᠳ᠋ᠰᠢᠭᠦᠯᠬᠦ ᠦᠢᠯᠡᠳᠪᠦᠷᠢ ᠵᠢᠴᠢ ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ 8 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ᠂ 3 ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ   ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠲᠠᠲᠠᠵᠤ ᠡᠷᠦᠬᠡ ᠳᠤ ᠣᠷᠣᠭᠤᠯᠬᠤ ᠢᠨᠵᠧᠨᠧᠷᠢᠩ ᠢ 66 ᠭᠠᠵᠠᠷ ᠲᠤ ᠬᠡᠷᠡᠭᠵᠢᠭᠦᠯᠵᠦ᠂ 97 ᠤᠰᠤᠨ ᠬᠤᠳᠳᠤᠭ ᠢ ᠪᠦᠲᠦᠭᠡᠨ ᠪᠠᠶᠢᠭᠤᠯᠪᠠ᠃ 300 ᠮᠠᠯᠵᠢᠬᠤ ᠡᠷᠦᠬᠡ ᠳᠤ ᠰᠢᠨ᠎ᠡ ᠪᠠᠷ ᠴᠠᠬᠢᠯᠭᠠᠨ ᠨᠡᠪᠲᠡᠷᠡᠬᠦᠯᠵᠦ᠂ 130 ᠡᠷᠦᠬᠡ ᠶᠢᠨ ᠴᠠᠬᠢᠯᠭᠠᠨ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ 75 ᠡᠷᠦᠬᠡ ᠳᠤ ᠶᠡᠭᠡ ᠴᠢᠳᠠᠮᠵᠢ ᠲᠠᠢ ᠰᠠᠯᠬᠢ ᠭᠡᠷᠡᠯ ᠢ ᠬᠠᠷᠢᠯᠴᠠᠨ ᠨᠥᠬᠦᠪᠦᠷᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠪᠠ᠃ 8 ᠵᠤᠷᠪᠤᠰ 84.9 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ᠃ ᠮᠠᠯᠵᠢᠬᠤ ᠣᠷᠣᠨ ᠤ 2 ᠡᠷᠥᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠪᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ 50 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ  ᠴᠢᠭ 11᠂ ᠰᠤᠮᠤ ᠪᠠᠯᠭᠠᠰᠤᠨ ᠳᠤ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 5᠎ ᠶᠢ ᠪᠠᠶᠢᠭᠤᠯᠵᠤ᠂ 5480 ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠩᠭᠢ ᠶᠢ 88 ᠵᠣᠬᠢᠶᠠᠨ ᠪᠠᠶᠢᠭᠤᠯᠵᠤ᠂ ᠦᠢᠯᠡᠴᠢᠯᠡᠭᠡᠨ ᠢ 7335 ᠤᠳᠠᠭ᠎ᠠ ᠥᠷᠨᠢᠭᠦᠯᠪᠡ᠃ ᠪᠠᠶ᠋ᠬᠠᠷᠬᠡᠳᠤ᠂ ᠪᠠᠶᠠᠨᠬᠦ᠋ᠪᠡᠭᠡ᠂ ᠵᠢᠷ ᠤᠨ ᠭᠤᠣᠯ ᠵᠡᠷᠭᠡ 3 ᠭᠠᠴᠠᠭ᠎ᠠ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭᠠᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃       —— ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠪᠠ᠃ ︽ᠲᠤᠯᠠᠭᠠᠯᠠᠭ᠎ᠠ ᠶᠢᠨ ᠢᠨᠵᠧᠨᠧᠷᠢᠩ︾᠎ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ 20.2 ᠺᠢᠯᠣᠮᠧᠲᠷ ᠵᠠᠰᠠᠬᠤ ᠪᠠᠷ ᠲᠥᠯᠥᠪᠯᠡᠵᠦ᠂ ᠨᠢᠭᠡᠨᠳᠡ 8.2 ᠺᠢᠯᠣᠮᠧᠲᠷ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠪᠠᠯᠠᠭᠠᠷᠭᠤᠯ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢ ᠲᠠᠰ ᠳᠡᠪᠰᠢᠭᠦᠯᠵᠦ᠂ ᠵᠡᠭᠡᠯᠢ ᠭᠤᠳᠤᠮᠵᠢ ᠶᠢᠨ ᠭᠠᠳᠠᠷ ᠲᠠᠯ᠎ᠠ ᠵᠢᠴᠢ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠬᠤᠶᠠᠷ ᠢ ᠬᠦᠷᠢᠶᠡᠯᠡᠬᠦ ᠠᠭᠤᠳᠠᠮ ᠲᠠᠯᠠᠪᠠᠶ ᠶᠢᠨ ᠲᠡᠷᠭᠡᠨ ᠵᠣᠭᠰᠣᠭᠠᠯ ᠵᠡᠷᠭᠡ 7 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 1.6 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ ᠭᠠᠳᠠᠷ ᠲᠠᠯ᠎ᠠ ᠶᠢ ᠵᠠᠰᠠᠵᠦ᠂ 1.5 ᠺᠢᠯᠣᠮᠧᠲᠷ ᠡᠯ᠎ᠡ ᠲᠥᠷᠥᠯ ᠤᠨ ᠬᠤᠭᠤᠯᠠᠢ ᠶᠢᠨ ᠲᠣᠣᠷ ᠢ ᠥᠭᠡᠷᠡᠴᠢᠯᠡᠨ᠂ 10 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠤᠨ ᠠᠷᠠᠴᠢᠯᠠᠨ ᠬᠠᠮᠠᠭᠠᠯᠠᠵᠤ᠂ 4500 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 245 ᠵᠠᠮ ᠤᠨ ᠳ᠋ᠧᠩ ᠢ ᠰᠣᠯᠢᠪᠠ᠃ ᠬᠤᠲᠠ ᠶᠢᠨ ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠢ ᠾᠧ ᠸᠠᠨ ᠬᠤᠳᠠᠯᠳᠤᠭᠠᠨ ᠤ ᠶᠡᠷᠦᠩᠬᠡᠶᠢᠯᠡᠭᠰᠡᠨ ᠠᠰᠠᠷ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ᠂ ᠪᠠᠯᠭᠠᠷ ᠭᠤᠣᠯ ᠤᠨ ᠭᠤᠣᠯ ᠳᠠᠭᠠᠤ ᠶᠢᠨ ᠦᠵᠡᠮᠵᠢ ᠶᠢᠨ ᠤᠷᠤᠨ ᠤ ︵ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ︶ ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠪᠣᠶ᠃ 2024 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠬᠦᠯᠵᠦ᠂ 15 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ 24 ᠰᠠᠭᠤᠷᠢ ᠠᠰᠠᠷ ᠤᠨ 5.9 ᠲᠦᠮᠡᠨ ᠲᠡᠭᠰᠢ ᠳᠥᠷᠪᠡᠯᠵᠢᠨ ᠮᠧᠲᠷ ᠲᠤ ᠬᠤᠯᠪᠣᠭᠳᠠᠵᠤ᠂ ᠳᠡᠭᠡᠷ᠎ᠡ ᠬᠠᠭᠠᠰ ᠵᠢᠯ ᠳᠤ ᠪᠥᠬᠦ ᠪᠠᠷᠢᠯᠭ᠎ᠠ ᠶᠢᠨ ᠬᠡᠮᠵᠢᠶ᠎ᠡ ᠶᠢᠨ 50%᠎ ᠠᠴᠠ ᠳᠡᠭᠡᠭᠰᠢᠬᠢ ᠶᠢ ᠪᠡᠶᠡᠯᠡᠭᠦᠯᠪᠡ᠃ ᠪᠠᠯᠭᠠᠷᠭᠤᠣᠯ ᠪᠠᠯᠭᠠᠰᠤᠨ ᠤ ᠭᠤᠣᠯᠳᠠᠯᠭ᠎ᠠ ᠲᠠᠢ ᠳᠤᠭᠤᠷᠢᠭ ᠢ ᠲᠠᠲᠠᠪᠤᠷᠢᠯᠠᠬᠤ ᠠᠵᠢᠯ ᠢ ᠠᠬᠢᠭᠤᠯᠵᠤ ᠂ 16 ᠡᠷᠦᠭᠡ ᠲᠠᠢ ᠲᠠᠲᠠᠪᠤᠷᠢᠯᠠᠬᠤ ᠨᠥᠬᠦᠪᠦᠷᠢ ᠶᠢᠨ ᠬᠡᠯᠡᠯᠴᠡᠭᠡᠷ ᠲᠣᠭᠲᠠᠵᠤ᠂ 271 ᠡᠷᠦᠭᠡ ᠶᠢᠨ ᠭᠡᠷ ᠪᠠᠶᠢᠰᠢᠩ ᠢ ᠨᠤᠷᠠᠭᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ 9 ᠳᠦᠷᠦᠯ ᠵᠦᠢᠯ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠭᠡᠷ ᠪᠠᠶᠢᠰᠢᠩ ᠢᠶᠠᠨ ᠬᠤᠳᠠᠯᠳᠤᠪᠠᠯ ᠳᠠᠷᠤᠢ ᠦᠨᠡᠮᠯᠡᠯ ᠢᠶᠠᠨ ᠥᠭᠬᠦ︾᠎  118 ᠵᠦᠢᠯ ᠢ ᠪᠡᠶᠡᠯᠡᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ ᠨᠢᠭᠡ ᠪᠦᠯᠦᠭ ︽ᠦᠨᠡᠮᠯᠡᠯ ᠠᠪᠬᠤ ᠳᠤ ᠬᠦᠴᠢᠷᠲᠡᠢ᠂ ᠨᠤᠷᠠᠭᠠᠵᠤ ᠨᠡᠭᠦᠯᠭᠡᠬᠦ ᠳᠤ ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠪᠠᠯᠭᠠᠷᠭᠤᠣᠯ ᠪᠠᠯᠭᠠᠰᠤ 2200 ᠭᠠᠷᠤᠢ ᠬᠥᠮᠥᠨ ᠤᠳᠠᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ᠂ 700 ᠭᠠᠷᠤᠢ ᠮᠠᠰᠢᠨ ᠲᠡᠷᠭᠡ ᠶᠢ ᠬᠥᠳᠡᠯᠭᠡᠵᠦ᠂ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠳᠠ ᠪᠠᠯᠭᠠᠰᠤᠨ ᠤ ᠦᠵᠡᠮᠵᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠪᠠ᠃ ︵ᠲᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠪᠦᠬᠦ ᠲᠠᠯ᠎ᠠ ᠪᠠᠷ ᠳᠡᠭᠡᠭᠰᠢᠯᠡᠪᠡ      —— ᠠᠵᠢᠯ ᠣᠯᠭᠤᠬᠤ ᠠᠵᠢᠯ ᠤᠨ ᠲᠠᠯ᠎ᠠ ᠪᠠᠷ᠃ ᠠᠵᠢᠯ ᠣᠯᠭᠤᠯᠲᠠ ᠶᠢ ᠲᠤᠭᠳᠠᠭᠤᠨ ᠢᠶᠠᠷ ᠠᠬᠢᠭᠤᠯᠪᠠ ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ 1491 ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ 401ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠮᠠᠯᠵᠢᠬᠤ ᠣᠷᠣᠨ ᠤ 4127 ᠬᠤᠲᠠ ᠤᠷᠤᠭᠰᠠᠳ ᠲᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 1.6%᠎ ᠳᠤ ᠬᠦᠷᠭᠡᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠠᠶᠢᠴᠢᠯᠠᠵᠦ᠂ 37 ᠡᠷᠦᠬᠡ ᠳᠤ 833 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 14 ᠬᠤᠭᠤᠴᠠᠭ᠎ᠠ ᠡᠷᠭᠢᠯᠡᠵᠦ᠂ 483 ᠬᠥᠮᠥᠨ ᠢ ᠪᠣᠯᠪᠠᠰᠤᠷᠠᠭᠤᠯᠵᠤ᠂ 178 ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ 33 ᠲᠦᠮᠡᠨ ᠲᠥᠭᠦᠷᠢᠭ ᠢ ᠣᠯᠭᠤᠪᠠ᠃ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠬᠠᠤᠯᠢ ᠶᠣᠰᠣᠭᠠᠷ ᠪᠠᠲᠤᠯᠠᠵᠤ᠂ ᠴᠠᠯᠢᠩ ᠦᠷᠢᠳᠦᠭᠰᠡᠨ 220 ᠵᠠᠭᠠᠯᠳᠤᠯᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 690 ᠬᠥᠳᠡᠯᠮᠦᠷᠢᠴᠢᠨ ᠤ 823 ᠲᠦᠮᠡᠨ ᠲᠥᠭᠦᠷᠢᠭ ᠤᠨ ᠴᠠᠯᠢᠩ ᠲᠠᠢ ᠬᠤᠯᠪᠤᠭᠳᠠᠵᠤ᠂ 214 ᠬᠡᠷᠡᠭ ᠢ ᠨᠢᠭᠡᠨᠳᠡ ᠰᠢᠢᠳᠪᠦᠷᠢᠯᠡᠨ ᠳᠠᠭᠤᠰᠬᠠᠵᠤ᠂ ᠦᠯᠡᠳᠡᠭᠰᠡᠨ 6 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃      —— ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠴᠦ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠨᠡᠶᠢᠳᠡ 2.15 ᠳ᠋ᠦᠩᠰᠢᠭᠤᠷ ᠲᠥᠭᠦᠷᠢᠭ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 1555 ᠬᠦᠴᠢᠷᠳᠡᠯᠲᠡᠢ ᠣᠯᠠᠨ ᠲᠦᠮᠡᠨ ᠳᠤ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠤ ᠥᠭᠪᠡ᠃ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳᠬᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠡᠯᠡ ᠮᠥᠩᠭᠦ ᠶᠢ ᠨᠡᠶᠢᠲᠡ 1016 ᠲᠦᠮᠡᠨ ᠲᠥᠭᠦᠷᠢᠭ ᠲᠠᠷᠬᠠᠭᠠᠪᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ 42 ᠣᠨᠴᠠ ᠬᠦᠴᠢᠷᠳᠡᠯ ᠲᠠᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ 2 ᠰᠤᠮᠤ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠠ 4 ᠭᠠᠴᠠᠭᠠᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠠᠶ᠋ᠬᠠᠭᠤᠯᠠ ᠨᠠᠰᠤᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ10 ᠳ᠋ᠤᠭᠠᠷ ᠰᠠᠷ᠎ᠠ ᠳᠤ ᠳᠠᠭᠤᠰᠬᠠᠬᠤ ᠪᠠᠷ ᠵᠢᠱᠢᠵᠦ ᠪᠣᠶ᠃ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ 184 ᠲᠦᠮᠡᠨ ᠲᠥᠭᠦᠷᠢᠭ ᠤᠨ ᠠᠰᠠᠷᠠᠮᠵᠢ ᠶᠢᠨ ᠬᠠᠷᠠᠭᠠᠯᠵᠠᠯ ᠤᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠬᠠᠭᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠪᠠ᠃     —— ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠭᠤᠷᠪᠠᠨ ᠰᠤᠷᠭᠠᠭᠤᠯᠢ ᠳᠤ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠲᠠᠪᠤᠨ ᠬᠢᠴᠢᠶᠡᠯ ᠲᠥᠷᠥᠯ ᠤᠨ ᠲᠤᠰᠬᠠᠢ ᠪᠠᠭᠰᠢ ᠶᠢ ᠪᠦᠬᠦᠨ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠳᠤ ᠤᠷᠤᠯᠴᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ 25 ᠨᠡᠷ᠎ᠡ ᠪᠠᠭᠰᠢ ᠶᠢ ᠢᠯᠡ ᠪᠠᠷ ᠤᠷᠢᠨ ᠬᠡᠷᠡᠭᠯᠡᠪᠡ᠃ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠡᠷᠭᠡᠨ ᠵᠣᠭᠰᠣᠭᠠᠯ ᠢ ᠪᠠᠶᠢᠭᠤᠯᠤᠨ ᠬᠡᠷᠡᠭᠯᠡᠵᠦ᠂ ᠬᠤᠭᠤᠯᠠᠳᠤ ᠶᠢᠨ ᠭᠤᠣᠯ ᠤᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠨ᠂ ᠰᠢᠨ᠎ᠡ ᠪᠠᠷ ᠪᠠᠶᠢᠭᠤᠯᠬᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠪᠡ᠃ ᠵᠢᠭᠠᠨ ᠰᠤᠷᠭᠠᠯᠲᠠ ᠶᠢᠨ ᠰᠤᠳᠤᠯᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ 3 ᠲᠤᠰᠬᠠᠢ ᠮᠡᠷᠭᠡᠵᠢᠯ ᠤᠨ ᠵᠢᠭᠠᠨ ᠰᠤᠳᠤᠯᠤᠭᠴᠢ ᠶᠢ ᠢᠯᠡ ᠪᠠᠷ ᠰᠣᠩᠭᠤᠨ ᠳᠡᠪᠰᠢᠭᠦᠯᠵᠦ᠂ ᠪᠠᠭᠰᠢ ᠶᠢ ᠵᠣᠬᠢᠶᠠᠨ ᠪᠠᠶᠢᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ 1200 ᠭᠠᠷᠤᠢ ᠬᠥᠮᠥᠨ ᠤᠳᠠᠭ᠎ᠠ ᠣᠷᠣᠯᠴᠠᠭᠤᠯᠪᠠ᠃ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠲᠣᠭᠲᠠᠭᠤᠨ ᠢᠶᠠᠷ ᠳᠡᠭᠡᠭᠰᠢᠯᠡᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠳᠤ 600 ᠬᠤᠪᠢ ᠶᠢ ᠳᠠᠪᠠᠭᠰᠠᠨ ᠰᠣᠷᠣᠭᠴᠢ ᠶᠢᠨ ᠲᠤᠭ᠎ᠠ ᠪᠥᠬᠦ ᠠᠶᠢᠮᠠᠭ ᠲᠤ ᠬᠠᠮᠤᠭ ᠤᠨ ᠣᠯᠠᠨ ᠪᠠᠶᠢᠵᠤ᠂ ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠲᠤ ᠳᠣᠯᠣᠳᠤᠭᠠᠷ ᠲᠤ ᠵᠢᠭᠰᠠᠭᠠᠭᠳᠠᠪᠠ᠃ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠤᠨ ᠲᠠᠪᠤᠳᠤᠭᠠᠷ ᠲᠤ ᠵᠢᠭᠰᠠᠭᠠᠭᠳᠠᠵᠤ᠂ ᠲᠦᠷᠦᠭᠦᠸ ᠵᠢᠯ ᠤᠨ ᠬᠢ ᠠᠴᠠ 2 ᠪᠠᠶᠢᠷᠢ ᠤᠷᠤᠭᠰᠢᠯᠠᠵᠠᠢ᠃ ᠶᠡᠭᠡ ᠰᠤᠷᠭᠠᠭᠤᠯᠢ ᠳᠤ ᠳᠠᠪᠰᠢᠬᠤ ᠰᠢᠯᠭᠠᠯᠲᠠ ᠳᠤ  ᠵᠢᠩᠬᠢᠨᠢ ᠠᠩᠭᠢ ᠳᠤ ᠤᠷᠤᠭᠰᠠᠨ ᠨᠣᠷᠮ᠎ᠠ 80.9%᠎ ᠳᠤ ᠬᠦᠷᠴᠦ᠂ ᠲᠦᠷᠦᠭᠦᠸ ᠵᠢᠯ ᠤᠨ ᠎ ᠬᠢ ᠠᠴᠠ ᠪᠠᠭ᠎ᠠ ᠳᠡᠭᠡᠭᠰᠢᠯᠡᠵᠡᠢ᠃     —— ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠠᠯ᠎ᠠ ᠪᠠᠷ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠩᠭᠤᠯ ᠡᠮᠨᠡᠯᠭᠡ ᠶᠢᠨ ᠬᠤᠷᠢᠶᠠᠨ ᠳᠠᠷᠤᠭ᠎ᠠ ᠶᠢ ᠢᠯᠡ ᠪᠠᠷ ᠤᠷᠢᠨ ᠬᠡᠷᠡᠭᠯᠡᠵᠦ᠂ ᠤᠯᠤᠰ ᠤᠨ ᠦᠨᠡᠯᠡᠨ ᠵᠢᠱᠢᠵᠦ ᠰᠢᠯᠭᠠᠨ ᠬᠢᠨᠠᠬᠤ ᠪᠠᠷᠢᠮᠵᠢᠶ᠎ᠠ ᠳᠤ ᠬᠦᠷᠦᠭᠰᠡᠨ ᠨᠢᠭᠲᠠ ᠬᠡᠯᠪᠡᠷᠢ ᠶᠢᠨ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠦᠢᠯᠡᠰ ᠤᠨ ᠣᠷᠣᠨ ᠲᠣᠭᠠᠨ ᠤ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ 7 ᠬᠥᠮᠥᠨ ᠢ ᠢᠯᠡ ᠪᠠᠷ ᠡᠯᠰᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ 4 ᠳᠠᠷᠤᠭ᠎ᠠ ᠶᠢ ᠰᠢᠯᠵᠢᠭᠦᠯᠦᠨ ᠲᠣᠬᠢᠷᠠᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠬᠤᠭᠤᠯᠠᠳᠤ ᠶᠢᠨ ᠭᠤᠣᠯ ᠪᠠᠯᠭᠠᠰᠤᠨ ᠤ ᠠᠯᠳᠠᠨᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠤᠯᠠᠭᠠᠨ ᠬᠠᠭᠠᠯᠭ᠎ᠠ  ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠳᠦᠬᠦᠭᠡᠷᠦᠮᠵᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠪᠷᠦ᠋ᠼᠧᠯ ᠡᠪᠡᠳᠴᠢᠨ ᠤ ᠲᠤᠰᠬᠠᠢ ᠰᠠᠯᠠᠭ᠎ᠠ ᠶᠢᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮᠨᠡᠯᠭᠡ ᠶᠢᠨ ᠬᠠᠳᠬᠤᠵᠦ ᠢᠯᠢᠬᠦ ᠲᠤᠰᠬᠠᠢ ᠰᠠᠯᠠᠭ᠎ᠠ ᠶᠢᠨ ᠬᠤᠯᠪᠣᠭ᠎ᠠ ᠪᠠ ᠶᠠᠰᠤᠨ ᠤ ᠭᠡᠮᠳᠦᠯ ᠢ ᠵᠠᠰᠠᠬᠤ ᠲᠤᠰᠬᠠᠢ ᠰᠠᠯᠠᠭ᠎ᠠ ᠶᠢᠨ ᠬᠤᠯᠪᠣᠭ᠎ᠠ ᠳᠤ ᠣᠷᠣᠵᠤ᠂ ᠪᠷᠦ᠋ᠼᠧᠯ ᠡᠪᠡᠳᠴᠢᠨ ᠤ ᠰᠠᠯᠠᠭ᠎ᠠ ᠶᠢ ᠬᠤᠰᠢᠭᠤ ᠲᠠᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠪᠷᠦ᠋ᠼᠧᠯ ᠡᠪᠡᠳᠴᠢᠨ ᠤ ᠡᠭᠦᠳᠡᠨ ᠡᠮᠨᠡᠯᠭᠡ ᠨᠡᠭᠡᠭᠡᠵᠦ᠂ ᠡᠮ ᠤᠬᠢᠶᠠᠯᠭ᠎ᠠ ᠶᠢᠨ ᠲᠥᠪ ᠢ ᠪᠠᠶᠢᠭᠤᠯᠪᠠ᠃ ᠡᠷᠡᠭᠦᠯ ᠡᠩᠬᠡ ᠪᠠᠷᠠᠭᠤᠨ ᠦᠵᠦᠮᠦᠴᠢᠨ ᠬᠤᠰᠢᠭᠤᠨ ᠤ ᠠᠵᠢᠯᠯᠠᠭ᠎ᠠ ᠶᠢ ᠠᠬᠢᠭᠤᠯᠵᠤ᠂ ︽ᠢᠳᠡᠭᠡᠨ ᠤ ᠠᠮᠤᠷ ᠲᠦᠪᠰᠢᠨ︾ ᠪᠣᠯᠣᠨ ︽ᠡᠵᠡᠮᠳᠡᠯ ᠤᠨ ᠲᠠᠪᠴᠠᠩ︾᠎ ᠢ ᠠᠭᠤᠰᠤᠯᠴᠠᠭᠤᠯᠤᠨ ᠵᠣᠯᠭᠠᠭᠤᠯᠬᠤ ᠶᠢ ᠪᠡᠶᠡᠯᠡᠭᠦᠯᠵᠦ᠂ 1048 ᠵᠠᠬ᠎ᠠ ᠳᠡᠯᠭᠡᠭᠦᠷ ᠤᠨ ᠭᠤᠣᠯ ᠴᠣᠭᠴᠠ ᠶᠢ ︽ᠵᠤᠯᠭᠠᠭᠤᠯᠬᠤ ᠶᠣᠰᠣᠲᠠᠢ ᠶᠢ ᠨᠢ ᠪᠦᠬᠦᠨ ᠢ ᠵᠤᠯᠭᠠᠭᠤᠯᠵᠦ︾᠂ 260 ᠵᠠᠬ᠎ᠠ ᠳᠡᠯᠭᠡᠭᠦᠷ ᠤᠨ ᠭᠤᠣᠯ ᠴᠣᠭᠴᠠ ᠳᠤ 642 ᠲᠥᠬᠦᠭᠡᠷᠦᠮᠵᠢ ᠤᠭᠰᠠᠷᠠᠵᠤ ᠥᠭᠪᠡ᠃     —— ᠰᠣᠶᠣᠯ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ᠃ ᠳᠣᠯᠣᠳᠤᠭᠠᠷ ᠬᠤᠭᠤᠴᠠᠭᠠᠨ ᠤ ᠣᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠪᠦᠭᠦ ᠬᠤᠰᠢᠭᠤᠨ ᠤ ᠠᠵᠢᠯᠲᠠᠳ ᠤᠨ ᠳᠡᠭᠡᠳᠦ ᠲᠠᠲᠠᠬᠤ ᠤᠷᠤᠯᠳᠤᠭᠠᠨ ᠵᠡᠷᠭᠡ ᠤᠯᠠᠨ ᠶᠠᠩᠵᠤ ᠶᠢᠨ ᠰᠣᠶᠣᠯ ᠲᠠᠮᠢᠷ ᠤᠨ ᠠᠵᠢᠯᠯᠠᠭ᠎ᠠ ᠶᠢ 16 ᠲᠠᠯᠠᠪᠤᠷ ᠡᠷᠭᠢᠯᠡᠵᠦ᠂ ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠪᠡᠶ᠎ᠡ ᠶᠢᠨ ᠲᠠᠮᠢᠷ ᠤᠨ ᠣᠷᠳᠣᠨ᠂ ᠬᠥᠯ ᠪᠥᠮᠪᠦᠭᠡ ᠶᠢᠨ ᠣᠷᠳᠣᠨ᠂ ᠮᠦᠽᠧᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠠᠷᠠᠳ ᠲᠤ ᠨᠡᠭᠡᠭᠡᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ 2 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠤ ᠦᠢᠯᠡᠴᠢᠯᠡᠪᠡ᠃ ᠤᠯᠠᠭᠠᠨᠮᠥ᠋ᠴᠢᠷ ᠨᠢ 14 ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ 49 ᠲᠠᠯᠠᠪᠤᠷ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ 2.2 ᠲᠦᠮᠡᠨ ᠬᠥᠮᠥᠨ ᠤᠳᠠᠭ᠎ᠠ ᠣᠯᠠᠨ ᠲᠦᠮᠡᠨ ᠳᠤ ᠠᠰᠢᠭ ᠬᠦᠷᠲᠡᠭᠡᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠳᠠ ᠶᠢ ᠡᠮᠬᠢ ᠲᠢᠭᠯᠢᠮ ᠲᠠᠢ ᠠᠬᠢᠭᠤᠯᠪᠠ᠃    ︵ᠨᠠᠢᠮᠠ︶ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ     —— ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ ᠭᠦᠨᠵᠡᠭᠡᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾᠂ ︽ᠳᠤᠯᠤᠭ᠎ᠠ ᠶᠢ ᠵᠢᠱᠢᠶᠡᠴᠢᠯᠡᠬᠦ︾ ᠵᠡᠷᠭᠡ ᠣᠶᠢᠯᠠᠭᠠᠭᠳᠠᠬᠤᠨ ᠤ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠬᠠᠮᠲᠤ ᠪᠠᠷ ᠡᠭᠦᠳᠴᠦ ᠬᠠᠮᠲᠤᠷᠠᠨ ᠪᠠᠶᠢᠭᠤᠯᠬᠤ ᠠᠵᠢᠯᠯᠠᠭ᠎ᠠ ᠶᠢ 150 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠪᠦᠲᠦᠮᠵᠢᠲᠡᠢ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠨᠠᠢᠮᠠᠨ ᠨᠢᠭᠡ︾᠎ ᠶᠢᠨ ᠪᠠᠷᠢᠮᠵᠢᠶ᠎ᠠ ᠶᠣᠰᠣᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠵᠢᠱᠢᠶ᠎ᠡ ᠦᠵᠡᠭᠦᠯᠬᠦ‍ ᠴᠢᠭ 11᠎ ᠶᠢ ᠪᠣᠶ ᠪᠤᠯᠭᠠᠪᠠ᠃ 2024 ᠣᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ︶᠎ ᠶᠢ ᠲᠦᠯᠬᠢᠨ ᠠᠬᠢᠭᠤᠯᠬᠤ 389 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠠᠮᠵᠢᠯᠲᠠ ᠲᠠᠢ ᠡᠷᠡᠮᠡᠯᠵᠡᠯᠡᠨ ᠣᠯᠵᠤ᠂  ᠮᠠᠯ ᠠᠵᠤ ᠠᠬᠤᠢ ᠵᠢᠴᠢ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠤᠨ 4 ᠲᠥᠷᠥᠯ ᠵᠦᠢᠯ ᠢ ᠳᠡᠮᠵᠢᠨ ᠬᠥᠭᠵᠢᠭᠦᠯᠪᠡ᠃     —— ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ 1 ᠤᠳᠠᠭ᠎ᠠ ᠬᠤᠷᠠᠯᠳᠤᠭᠤᠯᠵᠤ᠂ ᠭᠠᠵᠠᠷ ᠤᠨ ᠲᠠᠰ ᠤᠨ ᠤᠳᠤᠷᠢᠳᠬᠤ ᠺᠠᠳ᠋ᠷ 23 ᠪᠦᠯᠦᠭ 55 ᠬᠥᠮᠥᠨ ᠤᠳᠠᠭ᠎ᠠ ᠶᠢᠨ ᠰᠣᠷᠪᠤᠯᠵᠢᠯᠠᠭ᠎ᠠ ᠶᠢ ᠭᠥᠯᠢᠶᠡᠨ ᠠᠪᠴᠤ᠂ 10 ᠬᠡᠷᠡᠭ ᠢ ᠳᠤᠷᠤᠭᠰᠢ ᠪᠠᠭᠤᠵᠤ ᠰᠤᠷᠪᠤᠯᠵᠢᠯᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ 18 ᠵᠦᠢᠯ ᠤᠨ ᠠᠩᠬᠠᠨ ᠤ ᠵᠠᠬᠢᠳᠠᠯ ᠰᠣᠷᠪᠤᠯᠵᠢᠯᠠᠭ᠎ᠠ ᠳᠤ ᠪᠦᠲᠦᠮᠵᠢᠲᠡᠶ ᠬᠠᠷᠢᠭᠤᠯᠲᠠ ᠥᠭᠴᠦ ᠡᠶᠡᠳᠡᠭᠦᠯᠦᠨ ᠰᠢᠢᠳᠪᠦᠷᠢᠯᠡᠵᠦ᠂ 1 ᠵᠦᠢᠯ ᠤᠨ ᠮᠤᠵᠢ ᠶᠢᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ ᠰᠤᠷᠪᠤᠯᠵᠢᠯᠠᠭ᠎ᠠ᠂ 2 ᠵᠦᠢᠯ ᠤᠨ ᠠᠶᠢᠮᠠᠭ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ ᠰᠤᠷᠪᠤᠯᠵᠢᠯᠠᠭ᠎ᠠ᠂ 3 ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ ᠳᠠᠭᠤᠰᠬᠠᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠯ᠎ᠡ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠴᠤᠩᠬᠤ ᠨᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠡᠶᠢᠳᠡ 58 ᠬᠤᠪᠢ ᠬᠦᠯᠢᠶᠡᠨ ᠠᠪᠴᠤ ᠰᠢᠢᠳᠪᠦᠷᠢᠯᠡᠨ᠂ ᠪᠥᠬᠦᠳᠡ ᠶᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠪᠠ᠃ ᠵᠠᠰᠠᠭ ᠤᠨ ᠣᠷᠳᠣᠨ ᠤ ᠲᠠᠯᠳᠠ ᠥᠭᠴᠡᠭᠡ ᠶᠢ ︽ᠪᠦᠬᠦᠨ ᠢ ᠠᠷᠢᠯᠭᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠥᠰᠥᠪ ᠲᠤ 1.72 ᠳ᠋ᠦᠩᠰᠢᠭᠤᠷ ᠲᠥᠭᠦᠷᠢᠭ ᠤᠨ ᠥᠷᠢ ᠲᠥᠯᠥᠬᠦ ᠪᠡᠯᠡ ᠮᠥᠩᠭᠦ ᠶᠢ ᠲᠣᠬᠢᠷᠠᠭᠤᠯᠵᠤ᠂ ᠬᠤᠭᠤᠴᠠᠭ᠎ᠠ ᠲᠤᠯᠤᠭᠰᠠᠨ ᠥᠭᠴᠡᠭᠡ ᠶᠢᠨ ᠡᠬᠡ ᠬᠦᠦ ᠮᠥᠩᠭᠦ ᠶᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠲᠥᠯᠥᠬᠦ ᠶᠢ ᠦᠨᠡᠨᠬᠦ ᠪᠠᠲᠤᠯᠠᠪᠠ᠃     ——  ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠨᠡᠶᠢᠲᠡ 9 ᠤᠳᠠᠭ᠎ᠠ ᠬᠤᠷᠠᠯᠳᠤᠭᠤᠯᠵᠤ᠂ ᠭᠠᠵᠠᠷ ᠤᠨ ᠳᠡᠰ ᠤᠨ ᠤᠳᠤᠷᠢᠳᠤᠯᠭ᠎ᠠ ᠪᠦᠯᠬᠦᠮ ᠳᠠᠭᠠᠭᠤᠯᠤᠨ 55 ᠤᠳᠠᠭ᠎ᠠ ᠪᠠᠶᠢᠴᠠᠭᠠᠵᠤ᠂ ᠬᠠᠪᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠳᠠ᠂  ︽ᠬᠤᠶᠠᠷ ᠬᠤᠷᠠᠯ︾᠎ ᠤᠨ ᠬᠤᠭᠤᠴᠠᠭᠠᠨ ᠎ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠬᠢᠵᠠᠭᠠᠷ ᠲᠠᠢ ᠣᠷᠣᠨ ᠵᠠᠢ ᠪᠠ ᠥᠨᠳᠥᠷ ᠭᠠᠵᠠᠷ ᠲᠤ ᠠᠵᠢᠯᠯᠠᠬᠤ ᠲᠤᠰᠬᠠᠢ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠡᠩ ᠤᠨ ᠠᠰᠠᠭᠤᠳᠠᠯ ᠤᠨ ᠭᠡᠮ ᠰᠣᠭᠤᠭ ᠢ ᠨᠡᠶᠢᠳᠡ 1666 ᠵᠦᠢᠯ᠂ ᠬᠦᠨᠳᠦ ᠶᠡᠭᠡ ᠭᠡᠮ ᠰᠣᠭᠤᠭ ᠢ 4 ᠵᠦᠢᠯ ᠪᠠᠶᠢᠴᠠᠭᠠᠨ ᠭᠠᠷᠭᠠᠵᠦ ᠴᠡᠭᠴᠡᠯᠡᠨ ᠵᠠᠰᠠᠵᠤ᠂ 3 ᠠᠵᠤ ᠠᠬᠤᠶᠢᠯᠠᠯ ᠢ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠵᠦ᠂ 18 ᠠᠵᠤ ᠠᠬᠤᠶᠢᠯᠠᠯ ᠢ ᠲᠣᠷᠭᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ 32 ᠵᠦᠢᠯ ᠤᠨ ᠳᠠᠯᠳᠠ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠵᠤ᠂ 25 ᠤᠳᠠᠭᠠᠨ ᠤ ᠨᠤᠲᠤᠭ ᠪᠡᠯᠴᠢᠭᠡᠷ ᠤᠨ ᠭᠠᠯ ᠲᠦᠢᠮᠡᠷ ᠢ ᠴᠠᠭ ᠲᠤᠬᠠᠢ ᠳᠤᠨᠢ ᠰᠢᠢᠳᠪᠦᠷᠢᠯᠡᠨ ᠤᠨᠲᠠᠷᠠᠭᠠᠵᠤ᠂ ᠬᠦᠨᠳᠦ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠦᠭᠡᠢ᠃     ︵ᠶᠢᠰᠦ︶ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠵᠢᠯ ᠤᠨ ᠡᠬᠢᠨ ᠠᠴᠠ ᠨᠠᠰᠢ᠂ ᠬᠤᠰᠢᠭᠤ ᠵᠠᠰᠠᠭ ᠤᠨ ᠣᠷᠳᠣᠨ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠤᠯᠠᠮ ᠨᠢᠭᠡ ᠠᠯᠬᠤᠮ ᠪᠠᠳᠠᠷᠠᠭᠤᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠱᠠᠭᠠᠷᠳᠠᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠯᠲᠠ ᠵᠡᠷᠭᠡ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠪᠠᠳᠠᠷᠠᠭᠤᠯᠬᠤ ᠶᠢ ᠭᠦᠨᠵᠡᠭᠡᠢ ᠠᠬᠢᠭᠤᠯᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 91 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 54 ᠬᠤᠪᠢ ᠰᠠᠨᠠᠯ ᠵᠥᠪᠯᠡᠯᠭᠡ ᠶᠢ ᠡᠮᠬᠢ ᠵᠢᠷᠤᠮ ᠲᠠᠢ ᠪᠠᠷ ᠰᠢᠢᠳᠪᠦᠷᠢᠯᠡᠨ ᠬᠠᠷᠢᠭᠤᠯᠲᠠ ᠥᠭᠴᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 60%᠎ ᠠᠴᠠ ᠳᠡᠭᠡᠭᠰᠢ ᠳᠤ ᠬᠦᠷᠪᠡ᠃ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠳᠡᠭᠡᠷ᠎ᠡ ᠬᠠᠭᠠᠰ ᠵᠢᠯ ᠳᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 12 ᠤᠳᠠᠭ᠎ᠠ ᠬᠤᠷᠠᠯᠳᠤᠭᠤᠯᠵᠤ᠂ ᠴᠢᠬᠤᠯᠠ ᠶᠡᠭᠡ ᠤᠴᠢᠷ ᠶᠠᠪᠤᠳᠠᠯ ᠢ ᠰᠤᠳᠤᠯᠤᠨ ᠲᠣᠭᠲᠠᠭᠠᠵᠤ᠂ ᠳᠡᠭᠡᠳᠦ ᠱᠠᠲᠤᠨ ᠤ ᠲᠤᠰᠢᠶᠠᠭᠰᠠᠨ1047 ᠤᠴᠢᠷ ᠶᠠᠪᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠪᠠ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠡᠩ ᠤᠨ ᠴᠢᠨᠠᠷᠲᠠᠢ ᠵᠠᠷᠤᠯᠭ᠎ᠠ᠂ ᠠᠳᠠᠯ ᠠᠬᠤᠢ ᠶᠢᠨ ᠵᠠᠷᠤᠳᠠᠯ ᠢ 10%᠎ ᠠᠴᠠ ᠳᠡᠭᠡᠭᠰᠢ ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠲᠡ104 ᠲᠦᠮᠡᠨ ᠲᠥᠭᠦᠷᠢᠭ ᠤᠨ ᠵᠠᠷᠤᠯᠭ᠎ᠠ ᠶᠢ ᠪᠠᠭᠠᠰᠬᠠᠪᠠ᠃     ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠰᠡᠷᠭᠡᠭ ᠢᠶᠠᠷ ᠣᠯᠵᠤ ᠮᠡᠳᠡᠭᠰᠡᠨ ᠨᠢ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠰᠠ ᠵᠠᠷᠢᠮ ᠳᠤᠲᠠᠭᠤᠳᠠᠯ ᠪᠠ ᠪᠠᠭᠤᠷᠠᠢ ᠲᠠᠯ᠎ᠠ ᠪᠠᠶᠢᠨ᠎ᠠ᠃ ᠡᠭᠦᠨ ᠳᠤ ᠭᠤᠣᠯᠳᠠᠭᠤ᠄ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠰᠠ ᠲᠡᠶᠢᠮᠦ ᠲᠦᠷᠭᠡᠨ ᠪᠢᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠲᠡᠶᠢᠮᠦ ᠴᠢᠩᠭ᠎ᠠ ᠪᠢᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠪᠠᠰᠠ ᠲᠤᠲᠠᠭᠳᠠᠯ ᠲᠠᠢ ᠲᠠᠯ᠎ᠠ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠡᠶᠢᠮᠦ ᠪᠠᠲᠤ ᠪᠢᠰᠢ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠲᠠᠭᠳᠠᠯ ᠢ ᠨᠥᠬᠦᠪᠦᠷᠢᠯᠡᠬᠦ ᠴᠢᠬᠤᠯᠠᠲᠠᠢ ᠪᠠᠶᠢᠨ᠎ᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠠᠰᠠ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠠᠵᠢᠯ ᠤᠨ ᠳᠤᠮᠳᠠ ︽ᠤᠳᠠᠭᠠᠨ ᠪᠦᠳᠦᠭᠦᠯᠢᠭ ᠬᠤᠭᠤᠰᠤᠨ︾ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠡᠰᠡᠭ ᠺᠠᠳ᠋ᠷ ᠤᠨ ᠰᠡᠳᠬᠢᠴᠡ ᠶᠢᠨ ᠬᠠᠷᠠᠭᠠᠰᠤ ᠥᠷᠭᠡᠨ ᠪᠢᠰᠢ᠂ ᠴᠢᠳᠠᠪᠤᠷᠢ ᠠᠨᠠᠢ  ᠂ ᠠᠵᠢᠯ ᠤᠨ ᠰᠤᠷᠲᠠᠯ ᠪᠣᠳᠠᠲᠠᠢ ᠪᠢᠰᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠢ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠪᠣᠯᠣᠨ᠎ᠠ᠃     ᠬᠤᠶᠠᠷ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ     ᠳᠣᠣᠷ᠎ᠠ ᠬᠠᠭᠠᠰ ᠵᠢᠯ ᠤᠨ ᠠᠵᠢᠯ ᠢᠶᠠᠨ ᠰᠠᠶᠢᠲᠤᠷ ᠬᠢᠬᠦ ᠳᠤ᠂ ᠬᠤᠰᠢᠭᠤ ᠵᠠᠰᠠᠭ ᠤᠨ ᠣᠷᠳᠣᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠳᠤᠳᠬᠠᠵᠦ᠂ ᠬᠥᠭᠵᠢᠯᠲᠡ ᠶᠢᠨ ᠲᠡᠷᠢᠭᠦᠨ ᠴᠢᠬᠤᠯᠠ ᠶᠠᠪᠤᠳᠠᠯ ᠤᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠢ ᠲᠦᠯᠬᠢᠨ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃     —— ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠣᠬᠤᠷ᠂ ᠦᠷᠳᠡᠭ ᠤᠨ ᠬᠡᠯᠬᠢᠶ᠎ᠡ ᠳᠣᠣᠷ᠎ᠠ ᠪᠠ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠠᠵᠤ ᠦᠢᠯᠡᠳᠪᠦᠷᠢ ᠨᠢ ᠳᠡᠭᠡᠳᠦ ᠮᠡᠷᠭᠡᠵᠢᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠬᠤ ᠴᠢᠭᠯᠡᠯ ᠢ ᠲᠣᠭᠲᠠᠭᠠᠵᠤ᠂ ᠨᠡᠭᠦᠷᠡᠰᠦ᠂ ᠴᠠᠬᠢᠯᠭᠠᠨ ᠬᠦᠴᠦ᠂ ᠥᠩᠭᠡᠲᠦ ᠲᠡᠮᠦᠷᠯᠢᠭ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠭᠵᠢᠬᠦᠯᠦᠨ᠎ᠡ᠃ ᠦᠢᠯᠡᠴᠢᠯᠡᠭᠡᠨ ᠤ ᠦᠢᠯᠡᠰ ᠨᠢ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠥᠷᠭᠡᠳᠬᠡᠵᠦ᠂ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠬᠡᠷᠡᠭᠯᠡᠭᠡ ᠶᠢ ᠳᠠᠶᠢᠴᠢᠯᠠᠬᠤ ᠪᠠ ᠠᠬᠢᠭᠤᠯᠬᠤ ᠪᠠᠷ ᠭᠤᠣᠯᠳᠠᠯᠭ᠎ᠠ ᠪᠠᠨ ᠪᠤᠯᠭᠠᠨ᠎ᠠ᠃ ᠡᠭᠦᠨ ᠤ ᠬᠠᠮᠲᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠴᠢᠩᠭ᠎ᠠ ᠠᠳᠬᠤᠵᠤ᠂ ᠮᠥᠷᠳᠡᠨ ᠦᠢᠯᠡᠴᠢᠯᠡᠬᠦ ᠶᠢ ᠦᠨᠡᠨᠬᠦ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠯ ᠤᠳᠠᠭᠠᠨ᠂ ᠠᠵᠢᠯ ᠡᠬᠢᠯᠡᠭᠰᠡᠨ ᠤ ᠳᠠᠷᠠᠭᠠᠬᠢ ᠠᠬᠢᠴᠠ ᠤᠳᠠᠭᠠᠨ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠨᠢ ᠤᠳᠠᠭᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃     —— ᠠᠶᠤᠯᠭᠦᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠴᠠᠭ ᠢᠮᠠᠭᠲᠠ ᠰᠡᠷᠡᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠭᠤᠷᠬᠠᠢ᠂ ᠠᠶᠤᠯᠲᠠᠢ ᠬᠢᠮᠢ ᠶᠢᠨ ᠵᠦᠢᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠡᠯ᠎ᠡ ᠲᠥᠷᠥᠯ ᠤᠨ ᠠᠳᠡᠯ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠵᠥᠷᠢᠴᠡᠯ ᠢ ᠪᠠᠶᠢᠴᠠᠭᠠᠬᠤ᠂ ᠰᠣᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠨᠠᠮᠳᠠᠭᠤᠯᠤᠨ ᠲᠣᠭᠲᠠᠭᠤᠨ ᠪᠠᠶᠢᠯᠭᠠᠬᠤ ᠵᠡᠷᠭᠡ ᠠᠵᠢᠯ ᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠬᠦᠴᠦᠨ ᠢᠶᠠᠷ ᠢᠶᠠᠨ ᠬᠠᠮᠠᠭᠠᠯᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠶᠢᠨ ᠴᠢᠨᠠᠷᠲᠠᠢ ᠳᠠᠭᠠᠳᠬᠠᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠠᠷᠭᠠᠬᠤ ᠦᠭᠡᠢ ᠪᠠᠶᠢᠬᠤ ᠶᠢ ᠪᠠᠳᠤᠯᠠᠨ᠎ᠠ᠃     —— ᠪᠣᠬᠢᠷᠲᠤᠯ ᠦᠭᠡᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡ ᠣᠭᠲᠠᠷᠭᠤᠢ᠂ ᠬᠦᠬᠡᠮᠳᠦᠭ ᠤᠰᠤ᠂ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ ᠬᠤᠶᠠᠳᠤᠭᠠᠷ ᠡᠭᠡᠯᠵᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠨᠤᠲᠤᠭ ᠪᠡᠯᠴᠢᠭᠡᠷ ᠤᠨ  ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠣᠰ ᠵᠢᠯ ᠤᠨ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠨᠠᠩ ᠣᠯᠠᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠠᠭᠤᠷᠬᠠᠢ ᠶᠢᠨ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠡᠶᠡᠯᠡᠭᠦᠯᠦᠨ᠎ᠡ᠃     —— ᠬᠠᠮᠲᠤᠪᠠᠷ ᠡᠳ᠋ᠯᠡᠬᠦ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠰᠤᠷᠭᠠᠨ ᠬᠥᠮᠦᠵᠢᠯ ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠢ ᠦᠷᠭᠦᠯᠵᠢᠯᠡᠨ ᠰᠠᠶᠢᠲᠤᠷ ᠡᠷᠭᠢᠯᠡᠵᠦ᠂ ︽ᠲᠤᠯᠠᠭᠠᠯᠠᠭ᠎ᠠ ᠶᠢᠨ ᠢᠨᠵᠧᠨᠧᠷᠢᠩ︾ ᠪᠠ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠨ ᠪᠠᠶᠢᠩᠭᠤᠵᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ  ᠠᠰᠠᠭᠤᠳᠠᠯ  ᠢ  ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号