ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠬᠦᠢᠴᠳᠬᠡᠯ ᠲᠤᠭ᠎ᠠ
ᠨᠡᠶᠢᠲᠡᠯᠡᠭᠰᠡᠨ ᠴᠠᠭ᠄
2024/7/30
     ᠳᠡᠭᠡᠷ᠎ᠡ ᠬᠠᠭᠠᠰ ᠵᠢᠯ ᠠᠵᠤ ᠠᠬᠤᠢ ᠶᠢᠨ ᠬᠥᠭᠵᠢᠯᠲᠡ ᠲᠣᠭᠲᠠᠭᠤᠨ ᠳᠤᠮᠳᠠ ᠤᠷᠤᠭᠰᠢᠯᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ112 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 13.5%᠎ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 8.8 ᠵᠠᠭᠤᠨ ᠤ ᠨᠢᠭᠡᠴᠢ ᠥᠨᠳᠥᠷ ᠪᠤᠯᠪᠠ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 97.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 16%᠎ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃ ᠵᠢᠯ ᠤᠨ ᠡᠬᠢᠨ ᠳᠤ ᠲᠣᠭᠲᠠᠭᠠᠭᠰᠠᠨ 56 ᠭᠤᠣᠯᠳᠠᠯᠭ᠎ᠠ ᠲᠠᠢ ᠲᠥᠷᠥᠯ ᠵᠦᠢᠯ ᠤᠨ 43 ᠲᠥᠷᠥᠯ ᠵᠦᠢᠯ ᠤᠨ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠎ ᠨᠢ 76.8%᠎ ᠳᠤ ᠬᠦᠷᠴᠡᠢ᠃ ᠡᠭᠦᠨ ᠳᠤ ᠠᠶᠢᠮᠠᠭ ᠤᠨ ᠲᠠᠰ ᠤᠨ 15 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠪᠦᠬᠦᠨ ᠢ ᠡᠬᠢᠯᠡᠭᠦᠯᠦᠭᠰᠡᠨ ᠪᠠᠶᠢᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 46.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 69.6% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠣᠨ ᠤ ᠡᠭᠦᠷᠭᠡ ᠶᠢᠨ 57.4%᠎ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.3%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1% ᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19073 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25066 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2%᠎ ᠪᠠᠷ ᠨᠡᠮᠡᠭᠳᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11356 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号