ᠳᠡᠭᠡᠷ᠎ᠡ ᠬᠠᠭᠠᠰ ᠵᠢᠯ ᠤᠨ ᠠᠵᠤ ᠦᠢᠯᠡᠳᠪᠦᠷᠢ ᠶᠢᠨ ᠠᠵᠤ ᠠᠵᠤ ᠠᠬᠤᠢ ᠶᠢᠨ ᠬᠦᠢᠴᠡᠳᠬᠡᠯ ᠲᠤᠭ᠎ᠠ
ᠨᠡᠶᠢᠲᠡᠯᠡᠭᠰᠡᠨ ᠴᠠᠭ᠄
2024/7/30
    ᠳᠡᠭᠡᠷ᠎ᠡ ᠬᠠᠭᠠᠰ ᠵᠢᠯ ᠠᠵᠤ ᠦᠢᠯᠡᠳᠪᠦᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ 28 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 208.8 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.9%᠎ ᠪᠠᠷ ᠨᠡᠮᠡᠭᠳᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠳᠤ 4 ᠤᠳᠠᠭ᠎ᠠ ᠢᠳᠡᠪᠬᠢᠲᠡᠢ ᠬᠠᠮᠵᠢᠯᠴᠠᠵᠤ᠂ ᠬᠤᠸᠠ ᠷᠦᠨ ᠪᠦᠯᠦᠭᠯᠡᠯ ᠤᠨ ᠦ᠋ ᠵᠢᠶᠠᠨ ᠹᠠᠩ ᠪᠠᠷᠠᠭᠤᠨ ᠨᠢᠭᠡᠳᠦᠭᠡᠷ ᠠᠭᠤᠷᠬᠠᠢ᠂ ᠵᠢᠷ ᠤᠨ ᠭᠤᠣᠯ ᠬᠤᠶᠠᠳᠤᠭᠠᠷ ᠠᠭᠤᠷᠬᠠᠢ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠵᠢᠯᠣᠭᠤᠳᠤᠨ  ᠱᠠᠭᠠᠷᠳᠠᠵᠦ᠂ 1—6 ᠳ᠋ᠤᠭᠠᠷ ᠰᠠᠷ᠎ᠠ ᠳᠤ ᠨᠡᠶᠢᠲᠡ 3211.3 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 12.8%᠎ ᠪᠠᠷ ᠨᠡᠮᠡᠭᠳᠡᠪᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠰᠤ᠋ ᠨᠧᠩ ᠪᠠᠶᠠᠨᠬᠤᠸᠠ ᠴᠠᠬᠢᠯᠭᠠᠨ ᠤ ᠦᠢᠯᠡᠳᠪᠦᠷᠢ᠂ ᠪᠠᠶᠠᠨᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠢ ᠱᠠᠯᠠᠪᠳᠠᠨ ᠪᠠᠶᠢᠭᠤᠯᠵᠤ᠂ ᠳᠡᠭᠡᠷ᠎ᠡ ᠬᠠᠭᠠᠰ ᠵᠢᠯ ᠳᠤ ᠨᠡᠶᠢᠲᠡ 120.2 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 24.1%᠎ ᠪᠠᠷ ᠨᠡᠮᠡᠭᠳᠡᠪᠡ᠃ ᠢᠦᠢ ᠯᠦᠩ ᠠᠭᠤᠷᠬᠠᠢ ᠶᠢᠨ ᠦᠢᠯᠡᠰ᠂ ᠶᠢᠨ ᠮᠠᠨ ᠠᠭᠤᠷᠬᠠᠢ ᠶᠢᠨ ᠦᠢᠯᠡᠰ᠂ ᠪᠠᠶᠠᠨᠬᠤᠸᠠ ᠦᠨᠳᠦᠷ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠳᠠᠰᠤ᠂ ᠪᠦᠦ ᠱᠦᠸᠧ ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠡᠬᠢᠨ ᠠᠴᠠ ᠨᠠᠰᠢ ᠨᠡᠶᠢᠲᠡ 2.3 ᠲᠦᠮᠡᠨ ᠲᠣᠨ ᠥᠩᠭᠡᠲᠦ ᠲᠡᠮᠦᠷᠯᠢᠭ ᠢ ᠰᠣᠩᠭᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 22.6%᠎ ᠪᠠᠷ ᠨᠡᠮᠡᠭᠳᠡᠪᠡ᠃ ᠥᠩᠭᠡᠲᠦ ᠲᠡᠮᠦᠷᠯᠢᠭ ᠵᠢᠴᠢ ᠬᠠᠶᠢᠯᠤᠰᠢ ᠶᠢ 46.7 ᠲᠦᠮᠡᠨ ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 116.7%᠎ ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠶᠤᠸᠠᠨ ᠹᠧᠩ ᠠᠵᠤ ᠦᠢᠯᠡᠰ ᠤᠨ ᠵᠢᠯ ᠳᠤ 20 ᠲᠦᠮᠡᠨ ᠲᠣᠨ ᠬᠥᠩᠭᠡᠨ ᠴᠢᠨᠠᠷ ᠤᠨ ᠴᠣᠬᠤᠶᠢᠳᠠᠭᠰᠠᠨ ᠵᠤᠭᠠᠩ ᠦᠢᠯᠡᠳᠪᠦᠷᠢᠯᠡᠬᠦ ᠲᠥᠷᠥᠯ ᠵᠦᠢᠯ᠂ ᠮᠧᠩ ᠭᠦᠢ ᠰᠢᠨᠵᠢᠯᠡᠬᠦ ᠤᠬᠠᠭᠠᠨ ᠮᠡᠷᠭᠡᠵᠢᠯ ᠤᠨ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠣᠬᠢᠷᠲᠤᠯ ᠦᠭᠡᠢ ᠤᠶᠤᠨᠳᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ᠂ 2 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠨ᠂ 6 ᠵᠦᠢᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ 5 ᠵᠦᠢᠯ ᠤᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠴᠢᠩᠭᠠᠳᠬᠠᠵᠤ᠂ ᠢᠦᠢ ᠯᠦᠩ ᠠᠭᠤᠷᠬᠠᠢ ᠶᠢᠨ ᠦᠢᠯᠡᠰ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ 9 ᠡᠨᠧᠷᠭᠢ ᠬᠡᠷᠡᠭᠯᠡᠬᠦ ᠠᠵᠤ ᠠᠬᠤᠶᠢᠯᠠᠯ 95 ᠲᠦᠮᠡᠨ ᠪᠤᠬᠢᠷᠳᠤᠯ ᠦᠭᠡᠢ ᠴᠠᠬᠢᠯᠭᠠᠨ ᠤ ᠦᠨᠡᠮᠯᠡᠯ ᠢ ᠬᠤᠳᠠᠯᠳᠤᠨ ᠠᠪᠤᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号