ᠳᠡᠭᠡᠷ᠎ᠡ ᠬᠠᠭᠠᠰ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ  ᠰᠢᠯᠢᠳᠡᠭᠵᠢᠬᠦᠯᠦᠭᠰᠡᠨ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/7/30
    ᠳᠡᠭᠡᠷ᠎ᠡ ᠬᠠᠭᠠᠰ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 48 ᠵᠦᠢᠯ ᠤᠨ ᠠᠵᠢᠯ ᠤᠨ ᠡᠭᠦᠷᠭᠡ᠂ 91 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ 8 ᠵᠦᠢᠯ ᠤᠨ ᠠᠵᠢᠯ ᠤᠨ ᠡᠭᠦᠷᠭᠡ᠂ 11 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾᠎ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠨ᠂ 12345 ᠤᠲᠠᠰᠤᠨ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ 1—6 ᠰᠠᠷ᠎ᠠ ᠳᠤ ᠨᠡᠶᠢᠲᠡ 2498 ᠬᠤᠪᠢ ᠠᠰᠠᠭᠤᠳᠠᠯ ᠢ ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.47%᠂ ᠰᠢᠢᠳᠪᠦᠷᠢᠯᠡᠭᠰᠡᠨ ᠨᠣᠷᠮ᠎ᠠ 99.95%᠂  ᠬᠠᠨᠤᠮᠵᠢ ᠶᠢᠨ ᠨᠣᠷᠮ᠎ᠠ 99.95%᠎ ᠳᠤ ᠬᠥᠷᠪᠡ᠃ ︽ᠶᠠᠪᠤᠳᠠᠯ ᠪᠦᠬᠦᠨ ᠢ ᠥᠨᠳᠥᠷ ᠪᠦᠲᠦᠮᠵᠢᠲᠡᠶ ᠪᠦᠲᠦᠭᠡᠬᠦ︾᠎ ᠪᠠᠷ 13 ᠭᠤᠣᠯᠳᠠᠯᠭ᠎ᠠ ᠲᠠᠢ ᠳᠦᠷᠦᠯ ᠵᠦᠢᠯ ᠢ ᠪᠦᠬᠦᠨ ᠢ ᠰᠦᠯᠵᠢᠶᠡᠨ ᠳᠤ ᠣᠷᠣᠭᠤᠯᠤᠨ ᠲᠤᠷᠰᠢᠨ ᠠᠵᠢᠯᠯᠠᠭᠤᠯᠵᠤ᠂ ᠨᠡᠶᠢᠲᠡ 2256 ᠵᠦᠢᠯ ᠢ ᠭᠦᠢᠴᠡᠳᠬᠡᠪᠡ᠃ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ 80 ᠲᠥᠷᠥᠯ ᠵᠦᠢᠯ ᠢ ᠬᠠᠪᠰᠤᠷᠤᠨ ᠡᠷᠭᠢᠯᠡᠵᠦ᠂ 1.5 ᠲᠦᠮᠡ ᠭᠠᠷᠤᠢ ᠵᠦᠢᠯ ᠢ ᠭᠦᠢᠴᠡᠳᠬᠡᠪᠡ᠃ ᠲᠤᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠶᠢ ᠰᠢᠨ᠎ᠡ ᠶᠢ ᠡᠭᠦᠳᠦᠨ ᠭᠠᠷᠭᠠᠵᠤ᠂ ᠰᠤᠷᠪᠤᠯᠵᠢᠯᠠᠭᠰᠠᠨ ᠶᠡᠷᠦᠩᠬᠡᠢ ᠬᠡᠮᠵᠢᠶ᠎ᠡ ᠨᠢ 1 ᠲᠦᠮᠡ ᠭᠠᠷᠤᠢ ᠬᠥᠮᠥᠨ ᠤᠳᠠᠭ᠎ᠠ ᠳᠤ ᠬᠦᠷᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号