ᠳᠡᠭᠡᠷ᠎ᠡ ᠬᠠᠭᠠᠰ ᠵᠢᠯ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠪᠠ᠃ ᠨᠠᠮ | ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 4 ᠰᠠᠯᠠᠭ᠎ᠠ ᠮᠥᠴᠢᠷ ᠨᠢᠭᠡᠴᠡ ᠶᠢ | ᠫᠠᠶᠢᠰᠠ ᠡᠯᠭᠦᠨ ᠪᠠᠶᠢᠭᠤᠯᠪᠠ᠃ ᠳᠡᠭᠡᠳᠦ ᠱᠠᠲᠤᠨ ᠤ ᠪᠠᠭᠤᠯᠭᠠᠭᠰᠠᠨ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ 46 ᠡᠭᠦᠷᠭᠡ ᠶᠢ ᠬᠦᠯᠢᠶᠡᠨ ᠠᠪᠴᠤ᠂ ᠳᠡᠭᠡᠷ᠎ᠡ ᠬᠠᠭᠠᠰ ᠵᠢᠯ ᠳᠤ 14 | ᠡᠭᠦᠷᠭᠡ ᠶᠢ ᠨᠠᠶᠢᠳᠠᠪᠤᠷᠢᠵᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠵᠦᠮᠦᠴᠢᠨ ᠴᠠᠭᠠᠨ ᠦᠬᠡᠷ ᠤᠨ ᠰᠢᠨ᠎ᠡ ᠡᠭᠦᠯᠳᠡᠷ ᠢ | ᠪᠣᠶᠢᠵᠢᠭᠤᠯᠬᠤ ᠪᠠ ᠥᠨᠳᠥᠷ ᠡᠭᠦᠯᠳᠡᠷ ᠲᠠᠢ ︵ᠣᠯᠠᠨ ᠬᠦᠪᠦᠷᠡᠯ ᠲᠠᠢ︶ ᠦᠵᠦᠮᠦᠴᠢᠨ ᠬᠤᠨᠢᠨ ᠤ ᠰᠢᠨ᠎ᠡ ᠡᠭᠦᠯᠳᠡᠷ ᠢ | ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠴᠠᠭᠠᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠢᠳᠡᠪᠬᠢᠲᠡᠢ ᠪᠠᠶᠢᠭᠤᠯᠪᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ 3 | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 8 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ᠂ 15 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠶᠠᠨ ᠪᠠᠶᠢᠭᠤᠯᠤᠨ | ᠦᠨᠡᠯᠡᠨ ᠲᠣᠭᠲᠠᠭᠠᠵᠤ᠂ 8 ᠠᠵᠤ ᠠᠬᠤᠶᠢᠯᠠᠯ ᠳᠤ 218 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠥᠬᠦᠪᠦᠷᠢ ᠶᠢᠨ ᠲᠤᠰᠬᠠᠢ ᠪᠡᠯᠡ ᠮᠥᠩᠭᠦ ᠣᠯᠭᠤᠪᠠ᠃ |