ᠣᠶᠢᠷ᠎ᠠ ᠶᠢᠨ ᠵᠢᠯ ᠠᠴᠠ᠂ ᠰᠢᠯᠢ ᠶᠢᠨ ᠭᠤᠣᠯ ᠠᠶᠢᠮᠠᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ | ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠣᠬᠢᠷᠳᠤᠯ | ᠦᠭᠡᠢ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ᠂ ᠠᠮᠢ ᠠᠬᠤᠢ ᠶᠢᠨ ᠬᠠᠮᠠᠭᠠᠯᠠᠯᠲᠠ ᠶᠢᠨ | ᠣᠶᠢᠯᠠᠭᠠᠭᠳᠠᠬᠤᠨ ᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠪᠤᠯᠪᠠᠰᠤᠷᠠᠭᠤᠯᠬᠤ᠂ ᠠᠰᠢᠭᠯᠠᠬᠤ ᠪᠦᠬᠦ | ᠶᠠᠪᠤᠴᠠ ᠳᠤ ᠲᠤᠭᠤᠰᠢᠯᠠᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠮᠡᠳᠡᠭᠳᠡᠮ᠎ᠡ | ᠦᠷ᠎ᠡ ᠪᠦᠲᠦᠮᠵᠢ ᠣᠯᠵᠠᠢ᠃ | ᠰᠢᠯᠢ ᠶᠢᠨ ᠭᠤᠣᠯ ᠠᠶᠢᠮᠠᠭ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ | ᠴᠢᠩᠳᠠᠯᠠᠬᠤ᠂ ᠬᠠᠶᠢᠷ ᠴᠢᠯᠠᠭᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ | ᠠᠬᠢᠭᠤᠯᠬᠤ᠂ ᠡᠵᠡᠨ ᠦᠭᠡᠢ ᠬᠠᠶᠠᠭᠳᠠᠮᠠᠯ ᠨᠦᠬᠡ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠨᠤᠲᠤᠭ ᠪᠡᠯᠴᠢᠭᠡᠷ ᠢ ᠬᠠᠮᠠᠭᠠᠯᠠᠵᠤ᠂ ᠠᠭᠤᠷᠬᠠᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ | ᠠᠰᠢᠭᠯᠠᠬᠤ᠂ ᠪᠦᠲᠦᠮᠵᠢᠲᠡᠶ ᠬᠠᠮᠠᠭᠠᠯᠠᠬᠤ᠂ ᠦᠷᠭᠦᠯᠵᠢᠯᠡᠨ ᠠᠰᠢᠭᠯᠠᠬᠤ ᠶᠢ ᠠᠬᠢᠭᠤᠯᠪᠠ᠃ | 2018 ᠣᠨ ᠠᠴᠠ ᠨᠠᠭᠠᠰᠢ᠂ ᠪᠥᠬᠦ ᠠᠶᠢᠮᠠᠭ ᠤᠨ ᠬᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠮᠠᠯᠲᠠᠬᠤ ᠡᠷᠬᠡ ᠶᠢ 73᠂ ᠠᠭᠤᠷᠬᠠᠢ ᠬᠠᠶᠢᠬᠤ | ᠡᠷᠬᠡ ᠶᠢ 77 ᠶᠢ ᠬᠦᠴᠦᠨ ᠦᠭᠡᠢ ᠪᠣᠯᠭᠠᠵᠤ᠂ ᠬᠤᠭᠤᠴᠠᠭ᠎ᠠ ᠨᠢ ᠥᠩᠭᠡᠷᠡᠭᠰᠡᠨ ᠪᠥᠭᠡᠳ ᠨᠥᠬᠦᠴᠡᠯ ᠳᠤ ᠥᠯᠥ | ᠨᠡᠶᠢᠴᠡᠬᠦ ᠠᠭᠤᠷᠬᠠᠢ ᠮᠠᠯᠲᠠᠬᠤ ᠡᠷᠬᠡ ᠶᠢ 118 ᠶᠢ ᠢᠯᠭᠠᠷᠠᠭᠤᠯᠤᠨ ᠳᠢᠭᠯᠡᠵᠦ᠂ 180 ᠵᠢᠵᠢᠭ ᠬᠡᠯᠪᠡᠷᠢ ᠶᠢᠨ | ᠠᠭᠤᠷᠬᠠᠢ ᠶᠢᠨ ᠠᠵᠤ ᠠᠬᠤᠶᠢᠯᠠᠯ ᠢ ᠬᠠᠭᠠᠵᠤ ᠬᠦᠴᠦᠨ ᠦᠭᠡᠢ ᠪᠣᠯᠭᠠᠵᠤ᠂ ᠲᠣᠮᠣ ᠳᠤᠮᠳᠠ ᠬᠡᠯᠪᠡᠷᠢ ᠶᠢᠨ | ᠠᠭᠤᠷᠬᠠᠢ ᠶᠢᠨ ᠡᠵᠡᠯᠡᠬᠦ ᠬᠠᠷᠢᠴᠠᠯ ᠢ 18% ᠪᠠᠶᠢᠭᠰᠠᠨ ᠠᠴᠠ 43% ᠪᠣᠯᠭᠠᠨ ᠳᠡᠭᠡᠭᠰᠢᠯᠡᠭᠦᠯᠪᠡ᠃ 2022 | ᠣᠨ ᠳᠤ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠪᠥᠬᠦ ᠣᠷᠣᠨ ᠳᠤ ᠤᠷᠢᠳ ᠢᠶᠠᠷ ᠥᠷᠨᠢᠭᠦᠯᠵᠦ᠂ ᠪᠥᠬᠦ | ᠠᠶᠢᠮᠠᠭ ᠤᠨ 31 ᠬᠠᠶᠢᠷ ᠴᠢᠯᠠᠭᠤᠨ ᠤ ᠠᠭᠤᠷᠬᠠᠢ ᠭᠠᠷᠳᠠᠮ ᠪᠦᠷᠢᠨ ᠪᠤᠰᠤ᠂ ᠠᠮᠤᠷ ᠲᠦᠪᠰᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠠᠴᠠ ᠪᠣᠯᠵᠤ ᠬᠠᠤᠯᠢ ᠶᠣᠰᠣᠭᠠᠷ | ᠤᠬᠤᠷᠢᠨ ᠭᠠᠷᠴᠤ᠂ ᠰᠢᠯᠢ ᠶᠢᠨ ᠬᠤᠲᠠ ᠶᠢᠨ ᠬᠢᠨ ᠪᠥᠬᠦ ᠬᠤᠲᠠ ᠶᠢᠨ 46 ᠬᠠᠶᠢᠷ ᠴᠢᠯᠠᠭᠤᠨ ᠤ ᠠᠭᠤᠷᠬᠠᠢ ᠶᠢ | ᠨᠡᠶᠢᠯᠡᠭᠦᠯᠦᠭᠡᠳ 2 ᠪᠣᠯᠭᠠᠵᠤ᠂ ᠬᠡᠷᠡᠭᠯᠡᠬᠦ ᠭᠠᠵᠠᠷ ᠤᠨ ᠲᠠᠯᠠᠪᠠᠶ ᠶᠢ 2000 ᠭᠠᠷᠤᠢ ᠮᠦ ᠪᠠᠭᠠᠰᠬᠠᠨ᠂ ᠬᠠᠶᠢᠷ | ᠴᠢᠯᠠᠭᠤᠨ ᠤ ᠠᠭᠤᠷᠬᠠᠢ ᠶᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ 2023 ᠣᠨ ᠳᠤ᠂ | ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ︽ᠴᠡᠪᠡᠷ ᠠᠭᠤᠷᠬᠠᠢ︾ ᠶᠢᠨ ᠲᠤᠷᠰᠢᠯᠲᠠ ᠶᠢᠨ ᠴᠡᠭ ᠢ | ᠪᠥᠬᠦ ᠣᠷᠣᠨ ᠳᠤ ᠤᠷᠢᠳ ᠢᠶᠠᠷ ᠥᠷᠨᠢᠭᠦᠯᠵᠦ᠂ ᠠᠭᠤᠷᠬᠠᠢ ᠳᠤ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠨᠢ | ᠤᠳᠠᠭᠠᠰᠢᠷᠠᠵᠤ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ 2021 ᠣᠨ ᠠᠴᠠ ᠨᠠᠭᠠᠰᠢ᠂ | ᠨᠡᠶᠢᠲᠡ 10.88 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ | 9423 ᠡᠵᠡᠨ ᠦᠭᠡᠢ ᠬᠠᠶᠠᠭᠳᠠᠮᠠᠯ ᠨᠦᠬᠡ ᠶᠢ ᠵᠠᠰᠠᠵᠤ᠂ ᠳᠠᠯᠠᠪᠠᠢ ᠨᠢ 123.23 ᠬᠠᠪᠲᠠᠭᠠᠢ ᠳᠥᠷᠪᠡᠯᠵᠢᠨ | ᠺᠢᠯᠣᠮᠧᠲᠷ ᠲᠤ ᠬᠦᠷᠴᠡᠢ᠂ 2023 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ᠲᠡᠦᠬᠡᠨ ᠠᠴᠠ ᠦᠯᠡᠳᠡᠭᠳᠡᠵᠦ | ᠢᠷᠡᠭᠰᠡᠨ ᠡᠵᠡᠨ ᠦᠭᠡᠢ ᠬᠠᠶᠠᠭᠳᠠᠮᠠᠯ ᠨᠦᠬᠡ ᠶᠢ ᠪᠦᠬᠦᠨ ᠢ ᠵᠠᠰᠠᠵᠤ ᠳᠠᠭᠤᠰᠬᠠᠭᠠᠳ᠂ ᠲᠣᠭᠲᠠᠭᠰᠠᠨ ᠬᠠᠷᠠᠯᠲᠠ ᠪᠠᠨ | 2 ᠵᠢᠯ ᠤᠷᠢᠳᠴᠢᠯᠠᠨ ᠪᠡᠶᠡᠯᠡᠭᠦᠯᠪᠡ ᠁ ᠰᠢᠯᠢ ᠶᠢᠨ ᠭᠤᠣᠯ ᠠᠶᠢᠮᠠᠭ ᠠᠭᠤᠷᠬᠠᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠵᠠᠰᠠᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠥᠷᠢ ᠰᠢᠷᠢ ᠤᠯᠠᠨ᠂ ᠵᠠᠰᠠᠬᠤ ᠳᠤ | ᠬᠦᠴᠢᠷ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠨ ᠨᠡᠭᠡᠭᠡᠨ ᠠᠰᠢᠭᠯᠠᠪᠠᠯ ᠬᠡᠨ ᠬᠠᠮᠠᠭᠠᠯᠠᠬᠤ᠂ | ᠬᠡᠨ ᠪᠣᠬᠢᠷᠲᠤᠭᠤᠯᠪᠠᠯ ᠬᠡᠨ ᠵᠠᠰᠠᠬᠤ︾ ᠵᠠᠷᠴᠢᠮ ᠶᠣᠰᠣᠭᠠᠷ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ | ᠵᠠᠰᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠵᠠᠰᠠᠯᠲᠠ ᠶᠢᠨ ᠣᠷᠣᠭᠤᠯᠤᠯᠲᠠ ᠶᠢ ᠨᠡᠮᠡᠭᠳᠡᠭᠦᠯᠬᠦ ᠵᠡᠷᠭᠡ | ᠬᠠᠮ ᠠᠷᠭ᠎ᠠ ᠬᠡᠮᠵᠢᠶ᠎ᠡ ᠶᠢ ᠠᠪᠴᠤ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ | ᠰᠢᠰᠲ᠋ᠧᠮ ᠲᠠᠢ ᠠᠬᠢᠭᠤᠯᠪᠠ᠃ | 2018 ᠣᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠠᠭᠤᠷᠬᠠᠢ ᠶᠢᠨ ᠠᠵᠤ ᠠᠬᠤᠶᠢᠯᠠᠯ ᠤᠳ ᠨᠡᠶᠢᠲᠡ | 56.5 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠡᠯᠡ ᠮᠥᠩᠭᠦ ᠣᠷᠣᠭᠤᠯᠵᠤ᠂ 350 ᠬᠠᠪᠲᠠᠭᠠᠢ ᠳᠥᠷᠪᠡᠯᠵᠢᠨ | ᠺᠢᠯᠣᠮᠧᠲᠷ ᠲᠠᠯᠠᠪᠠᠶ ᠶᠢ ᠵᠠᠰᠠᠵᠤ᠂ ᠪᠡᠯᠡ ᠮᠥᠩᠭᠦ ᠪᠠ ᠵᠠᠰᠠᠭᠰᠠᠨ ᠲᠠᠯᠠᠪᠠᠶ ᠨᠢ ᠣᠯᠠᠨ ᠵᠢᠯ ᠳᠠᠷᠠᠭᠠᠯᠠᠨ ᠪᠥᠬᠦ | ᠣᠷᠣᠨ ᠤ ᠡᠮᠦᠨ᠎ᠡ ᠡᠩᠨᠡᠭᠡᠨ ᠳᠤ ᠣᠷᠣᠭᠰᠠᠨ ᠪᠠᠶᠢᠨ᠎ᠠ᠃ ᠡᠭᠦᠨ ᠳᠤ᠂ 2021 ᠣᠨ ᠳᠤ ᠨᠡᠶᠢᠲᠡ 16.1 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠡᠵᠡᠩᠨᠡᠯᠲᠡ ᠳᠤ ᠪᠠᠶᠢᠭ᠎ᠠ ᠠᠭᠤᠷᠬᠠᠢ ᠶᠢ 60 | ᠬᠠᠪᠲᠠᠭᠠᠢ ᠳᠥᠷᠪᠡᠯᠵᠢᠨ ᠺᠢᠯᠣᠮᠧᠲᠷ ᠵᠠᠰᠠᠵᠤ᠂ ᠪᠡᠯᠡ ᠮᠥᠩᠭᠦ ᠪᠣᠯᠣᠨ ᠵᠠᠰᠠᠭᠰᠠᠨ ᠲᠠᠯᠠᠪᠠᠶ ᠨᠢ ᠲᠣᠰ ᠲᠣᠰ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠶᠡᠷᠦᠩᠬᠡᠢ ᠬᠡᠮᠵᠢᠶ᠎ᠡ ᠶᠢᠨ 74% ᠪᠠ | 42% ᠪᠣᠯᠪᠠ᠃ | ᠰᠢᠯᠢ ᠶᠢᠨ ᠭᠤᠣᠯ ᠠᠶᠢᠮᠠᠭ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ | ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠦᠨ ᠥᠷᠭᠡᠳᠬᠡᠪᠡ᠃ ᠪᠥᠬᠦ | ᠠᠶᠢᠮᠠᠭ ᠲᠤ ᠤᠷᠢᠳ ᠬᠤᠵᠢᠳ 73 ᠠᠭᠤᠷᠬᠠᠢ ᠪᠣᠬᠢᠷᠲᠤᠯ ᠦᠭᠡᠢ ᠠᠭᠤᠷᠬᠠᠢ ᠶᠢᠨ ᠭᠤᠷᠪᠠᠳᠠᠭᠢ ᠡᠲᠡᠭᠡᠳ ᠤᠨ | ᠦᠨᠡᠯᠡᠨ ᠵᠢᠱᠢᠯᠲᠡ ᠶᠢ ᠥᠩᠭᠡᠷᠡᠭᠡᠵᠦ᠂ 48 ᠠᠭᠤᠷᠬᠠᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ | ᠦᠭᠡᠢ ᠠᠭᠤᠷᠬᠠᠢ ᠶᠢᠨ ᠨᠡᠷᠡᠰ ᠤᠨ ᠬᠥᠮᠥᠷᠭᠡ ᠳᠤ ᠣᠷᠣᠵᠤ᠂ 8 ᠠᠭᠤᠷᠬᠠᠢ ᠤᠯᠤᠰ ᠤᠨ ᠲᠠᠰ ᠤᠨ ᠪᠣᠬᠢᠷᠲᠤᠯ | ᠦᠭᠡᠢ ᠠᠭᠤᠷᠬᠠᠢ ᠶᠢᠨ ᠨᠡᠷᠡᠰ ᠤᠨ ᠬᠥᠮᠥᠷᠭᠡ ᠳᠤ ᠣᠷᠣᠭᠰᠠᠨ ᠪᠠᠶᠢᠨ᠎ᠠ᠃ | 2022 ᠣᠨ ᠠᠴᠠ ᠨᠠᠭᠠᠰᠢ᠂ ᠠᠭᠤᠷᠬᠠᠢ ᠶᠢᠨ ᠦᠢᠯᠡᠰ ᠤᠨ ᠡᠷᠬᠡ ᠶᠢ ᠬᠠᠶᠢᠨ ᠪᠠᠶᠢᠴᠠᠭᠠᠵᠤ ᠨᠡᠭᠡᠭᠡᠨ | ᠮᠠᠯᠲᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠰᠠᠨ᠂ ᠵᠠᠰᠠᠭᠰᠠᠨ | ᠦᠷ᠎ᠡ ᠪᠦᠲᠦᠮᠵᠢ ᠨᠢ ᠠᠨᠠᠢ ᠵᠢᠴᠢ ᠬᠠᠤᠯᠢ ᠶᠢ ᠵᠥᠷᠢᠴᠡᠨ ᠭᠠᠵᠠᠷ ᠡᠵᠡᠯᠡᠭᠰᠡᠨ ᠠᠰᠠᠭᠤᠳᠠᠯ ᠲᠠᠢ᠂ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠷᠢᠮᠵᠢᠶ᠎ᠠ ᠳᠤ ᠬᠦᠷᠬᠦ ᠦᠭᠡᠢ 22 ᠠᠭᠤᠷᠬᠠᠢ ᠶᠢ ᠪᠣᠬᠢᠷᠲᠤᠯ ᠦᠭᠡᠢ | ᠠᠭᠤᠷᠬᠠᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠠᠴᠠ ᠰᠢᠯᠵᠢᠭᠦᠯᠦᠨ ᠭᠠᠷᠭᠠᠪᠠ᠃ ᠡᠭᠦᠨ ᠤ ᠬᠠᠮᠲᠤ᠂ | ᠣᠶᠤᠨᠴᠢ ᠪᠠ ᠠᠮᠤᠷ ᠲᠦᠪᠰᠢᠨ ᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠨ | ᠣᠷᠣᠭᠤᠯᠵᠤ᠂ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2021 - 2023 ᠣᠨ︶ ᠶᠢ ᠬᠡᠷᠡᠭᠵᠢᠭᠦᠯᠪᠡ᠃ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠠᠴᠠ ᠨᠠᠭᠠᠰᠢ᠂ ︽ᠮᠠᠰᠢᠨᠴᠢᠯᠠᠯᠲᠠ ᠪᠠᠷ ᠬᠥᠮᠥᠨ ᠢ ᠣᠷᠣᠯᠠᠭᠤᠯᠬᠤ᠂ ᠠᠦ᠋ᠲ᠋ᠣᠴᠢᠯᠠᠯᠲᠠ ᠪᠠᠷ | ᠬᠥᠮᠥᠨ ᠢ ᠬᠠᠰᠤᠬᠤ᠂ ᠣᠶᠤᠨᠴᠢᠯᠠᠯᠲᠠ ᠪᠠᠷ ᠬᠥᠮᠥᠨ ᠬᠡᠷᠡᠭᠰᠡᠬᠦ ᠦᠭᠡᠢ ᠪᠣᠯᠭᠠᠬᠤ︾ ᠪᠠᠷ ᠭᠤᠣᠯ ᠠᠭᠤᠯᠭ᠎ᠠ ᠪᠣᠯᠭᠠᠵᠤ᠂ | ᠨᠡᠭᠦᠷᠡᠰᠦᠨ ᠠᠭᠤᠷᠬᠠᠢ ᠶᠢᠨ ᠪᠤᠰᠤ ᠬᠦᠷᠢᠶᠡᠨ ᠳᠤ 98 ᠣᠶᠤᠨᠴᠢᠯᠠᠭᠰᠠᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ | ᠪᠥᠬᠦ ᠠᠶᠢᠮᠠᠭ ᠤᠨ ᠨᠡᠭᠦᠷᠡᠰᠦᠨ ᠬᠤᠳᠳᠤᠭ ᠤᠨ ᠪᠤᠰᠤ ᠠᠵᠤ ᠦᠢᠯᠡᠳᠪᠦᠷᠢ ᠠᠭᠤᠷᠬᠠᠢ ᠳᠤ ᠰᠠᠯᠬᠢ ᠨᠡᠪᠲᠡᠷᠡᠭᠦᠯᠬᠦ᠂ | ᠤᠰᠤ ᠵᠠᠯᠠᠬᠤ᠂ ᠴᠠᠬᠢᠯᠭᠠᠨ ᠬᠠᠩᠭᠠᠬᠤ᠂ ᠳᠡᠭᠡᠭᠰᠢᠯᠡᠭᠦᠯᠬᠦ ᠰᠢᠰᠲ᠋ᠧᠮ ᠵᠡᠷᠭᠡ ᠲᠣᠭᠲᠠᠮᠠᠯ ᠲᠤᠨᠤᠭ ᠲᠥᠬᠦᠭᠡᠷᠦᠮᠵᠢ ᠳᠤ | ᠲᠤᠰᠬᠠᠢ ᠬᠥᠮᠥᠨ ᠵᠢᠵᠢᠭᠦᠷᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠬᠤᠳᠳᠤᠭ ᠳᠣᠣᠷᠠᠬᠢ ᠭᠤᠣᠯ ᠪᠣᠯᠬᠤ ᠨᠦᠬᠡᠨ | ᠵᠠᠮ ᠳᠤ ᠴᠢᠮᠡᠭᠡ ᠨᠡᠪᠲᠡᠷᠡᠯᠭᠡ ᠶᠢᠨ ᠳᠣᠬᠢᠶ᠎ᠠ ᠶᠢ ᠵᠠᠯᠭᠠᠨ ᠣᠷᠣᠭᠤᠯᠵᠤ᠂ ᠠᠭᠤᠷᠬᠠᠢ ᠮᠠᠯᠲᠠᠬᠤ᠂ ᠲᠡᠭᠡᠭᠡᠪᠦᠷᠢᠯᠡᠬᠦ ᠵᠡᠷᠭᠡ | ᠭᠤᠭᠴᠤᠭ᠎ᠠ ᠶᠢᠨ ᠮᠠᠰᠢᠨᠴᠢᠯᠠᠯᠲᠠ ᠤᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ︔ | ᠨᠡᠭᠦᠷᠡᠰᠦᠨ ᠤ ᠬᠦᠷᠢᠶᠡᠨ ᠳᠠᠬᠢ 201 ᠣᠶᠤᠨᠴᠢᠯᠠᠭᠰᠠᠨ ᠲᠥᠷᠥᠯ ᠵᠦᠢᠯ ᠢ ᠪᠡᠶᠡᠯᠡᠭᠦᠯᠵᠦ᠂ ᠲᠡᠷᠭᠡ ᠬᠥᠰᠬᠡ᠂ | ᠠᠵᠢᠯᠲᠠᠨ ᠤ ᠪᠠᠶᠢᠷᠢ ᠲᠣᠭᠲᠠᠭᠠᠯᠲᠠ ᠵᠡᠷᠭᠡ ᠶᠢ ᠪᠦᠬᠦᠨ ᠢ 5G ᠰᠢᠰᠲ᠋ᠧᠮ ᠳᠤ ᠵᠠᠯᠭᠠᠨ ᠣᠷᠣᠭᠤᠯᠵᠤ᠂ ᠠᠦ᠋ᠲ᠋ᠣ᠋ | ᠬᠢᠨᠠᠨ ᠬᠡᠮᠵᠢᠯᠲᠡ᠂ ᠣᠶᠤᠨᠴᠢ ᠪᠠᠷ ᠲᠣᠬᠢᠷᠠᠭᠤᠯᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠣᠯᠠᠨ ᠲᠥᠷᠥᠯ ᠤᠨ | ᠮᠡᠷᠭᠡᠵᠢᠯ ᠨᠢ ᠠᠵᠢᠯ ᠲᠥᠷᠥᠯ ᠤᠨ ᠳᠤᠮᠳᠠ ᠳᠠᠭᠠᠭᠤᠯᠤᠭᠴᠢ ᠪᠠᠶᠢᠷᠢᠨ ᠳᠤ ᠣᠷᠣᠵᠤ᠂ ᠪᠠᠶᠠᠨᠬᠤᠸᠠ ᠮᠧᠩ ᠳ᠋ᠦᠩ ᠤᠨ | ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠣᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠪᠴᠠᠩ ᠨᠢ | ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ 2022 ᠣᠨ ᠤ ᠨᠡᠭᠦᠷᠡᠰᠦᠨ ᠤ | ᠠᠵᠢᠯ ᠲᠥᠷᠥᠯ ᠤᠨ ᠬᠡᠪ ᠳᠠᠭᠤᠷᠢᠶᠠᠯ ᠤᠨ ᠬᠡᠷᠡᠭ ᠤᠨ ᠵᠢᠱᠢᠶ᠎ᠡ ᠳᠤ ᠰᠣᠩᠭᠤᠭᠳᠠᠨ ᠣᠷᠣᠵᠤ᠂ ᠤᠯᠤᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠪᠠᠶᠠᠨᠬᠤᠸᠠ ᠨᠡᠭᠦᠷᠡᠰᠦ | ᠴᠠᠬᠢᠯᠭᠠᠨ ᠤ ᠬᠢᠵᠠᠭᠠᠷᠲᠤ ᠺᠣᠮᠫᠠᠨᠢ ᠶᠢᠨ 5G + ᠵᠢᠯᠣᠭᠤᠴᠢ ᠦᠭᠡᠢ ᠲᠥᠷᠥᠯ ᠵᠦᠢᠯ 2022 ᠣᠨ ᠤ ᠪᠥᠬᠦ | ᠤᠯᠤᠰ ᠤᠨ ᠡᠨᠧᠷᠭᠢ ᠶᠢᠨ ᠬᠦᠷᠢᠶᠡᠨ ᠳᠠᠬᠢ 5G ᠤᠨ ᠬᠡᠷᠡᠭᠯᠡᠭᠡᠨ ᠤ ᠰᠢᠯᠢᠳᠡᠭ ᠬᠡᠷᠡᠭ ᠤᠨ ᠵᠢᠱᠢᠶ᠎ᠡ ᠳᠤ | ᠰᠣᠩᠭᠤᠭᠳᠠᠨ ᠣᠷᠣᠵᠠᠢ᠃ | |