7 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ | ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ᠂ ᠬᠤᠷᠠᠯ 3 ᠡᠳᠦᠷ ᠶᠠᠪᠤᠭᠳᠠᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠩᠬᠠᠳᠤᠭᠠᠷ | ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ | ᠮᠡᠳᠡᠭᠦᠯᠦᠭᠰᠡᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ | ︵ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ | ᠸᠠᠩ ᠯᠢ ᠰᠢᠶᠠ ᠬᠤᠷᠠᠯ ᠳᠤ ᠣᠷᠣᠯᠴᠠᠵᠠᠢ᠃ | ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ | ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃ |