ᠲᠥᠰᠥᠪ ᠲᠥᠯᠥᠪᠯᠡᠭᠡ ᠪᠣᠯ ᠵᠠᠮᠴᠢ
ᠨᠡᠶᠢᠲᠡᠯᠡᠭᠰᠡᠨ ᠴᠠᠭ᠄
2024/7/30
    ᠲᠥᠰᠥᠪ ᠲᠥᠯᠥᠪᠯᠡᠭᠡ ᠭᠠᠷᠭᠠᠵᠤ ᠴᠢᠳᠠᠳᠠᠭ ᠬᠥᠮᠥᠰ ᠢᠷᠡᠭᠡᠳᠦᠢ ᠶᠢᠨ ᠵᠠᠮ ᠢᠶᠠᠨ ᠣᠯᠣᠭᠠᠳ ᠬᠠᠷᠠᠴᠢᠬᠠᠭᠰᠠᠨ ᠪᠠᠶᠢᠳᠠᠭ᠃ ᠬᠤᠵᠢᠮ ᠢᠩᠭᠢᠨ᠎ᠡ ᠴᠢᠩᠭᠢᠨ᠎ᠡ ᠭᠡᠳ ᠲᠣᠳᠣᠷᠬᠠᠢ ᠴᠢᠭᠯᠡᠯ ᠲᠣᠭᠲᠠᠭᠠᠵᠤ ᠶᠠᠭᠤ ᠬᠢᠬᠦ ᠪᠠᠨ ᠮᠡᠳᠡᠴᠢᠬᠡᠭᠰᠡᠨ ᠬᠥᠮᠥᠨ ᠵᠣᠷᠢᠭᠲᠠᠢ ᠠᠯᠬᠤᠳᠠᠭ᠃ ᠤᠴᠢᠷ ᠨᠢ ᠲᠡᠭᠦᠨ ᠳᠤ ᠵᠠᠮᠴᠢ ᠲᠠᠢ ᠪᠠᠶᠢᠵᠤ᠂ ᠬᠦᠰᠡᠭᠰᠡᠨ ᠪᠤᠳᠤᠭᠰᠠᠨ ᠳᠤ ᠪᠠᠨ ᠰᠠᠭᠠᠲᠠᠯ ᠦᠭᠡᠢ ᠬᠦᠷᠬᠦ ᠨᠢ ᠨᠢᠭᠡ ᠶᠣᠰᠣᠨ ᠤ ᠪᠠᠲᠤᠯᠠᠭ᠎ᠠ ᠲᠠᠢ ᠪᠠᠶᠢᠳᠠᠭ᠃ ᠮᠠᠯᠵᠢᠬᠤ ᠦᠢᠯᠡᠳᠪᠦᠷᠢᠯᠡᠯ ᠡᠵᠡᠩᠨᠡᠭᠡᠳ ᠵᠢᠯ ᠤᠨ ᠵᠢᠯ ᠠᠮᠵᠢᠯᠲᠠ ᠲᠠᠢ ᠶᠠᠪᠤᠭ᠎ᠠ ᠮᠠᠯᠴᠢᠳ ᠲᠤ ᠶᠠᠳᠠᠬᠤ ᠳᠤ ᠪᠠᠨ ᠨᠢᠭᠡ ᠵᠢᠯ ᠤᠨ ᠲᠥᠰᠥᠪ ᠲᠥᠯᠥᠪᠯᠡᠭᠡ ᠪᠠᠶᠢᠳᠠᠭ᠃ ᠳᠡᠳᠡ ᠬᠤᠶᠢᠲᠤᠨ ᠵᠢᠯ ᠪᠤᠯᠳᠠᠯ᠎ᠠ ᠡᠪᠡᠰᠦ ᠪᠣᠷᠳᠤᠭ᠎ᠠ ᠪᠠᠨ ᠬᠡᠷᠬᠢᠨ ᠵᠣᠬᠢᠴᠠᠭᠤᠯᠬᠤ᠂ ᠨᠤᠲᠤᠭ ᠪᠡᠯᠴᠢᠭᠡᠷ ᠢᠶᠠᠨ ᠬᠡᠷᠬᠢᠨ ᠠᠰᠢᠭᠯᠠᠬᠤ᠂ ᠬᠡᠳᠦᠢ ᠮᠠᠯ ᠵᠠᠷᠤᠴᠠᠭᠤᠯᠬᠤ᠂ ᠮᠠᠯ ᠵᠠᠷᠤᠴᠠᠭᠤᠯᠤᠭᠰᠠᠨ ᠤᠷᠤᠯᠭ᠎ᠠ ᠪᠠᠨ ᠶᠠᠭᠤᠨ ᠳᠤ ᠬᠡᠷᠡᠭᠯᠡᠬᠦ᠂ ᠭᠡᠷ ᠣᠷᠣᠨ ᠬᠤᠷᠤᠭ᠎ᠠ ᠬᠠᠰᠢᠶ᠎ᠠ ᠪᠠᠨ ᠵᠠᠰᠠᠵᠤ ᠰᠡᠯᠪᠢᠬᠦ ᠭᠡᠳ ᠤᠯᠠᠨ ᠵᠦᠢᠯ ᠢ ᠲᠣᠬᠢᠷᠠᠭᠤᠯᠵᠤ᠂ ᠣᠨᠴᠠ ᠵᠠᠷᠢᠮ ᠨᠢ ᠪᠦᠷ ᠳᠠᠩᠰᠠ ᠲᠣᠭᠠᠴᠠᠭ᠎ᠠ ᠬᠢᠵᠦ ᠤᠷᠤᠯᠭ᠎ᠠ ᠵᠠᠷᠤᠯᠭ᠎ᠠ ᠪᠠᠨ ᠬᠤᠪᠢᠶᠠᠷᠢᠯᠠᠴᠢᠬᠠᠭᠰᠠᠨ ᠪᠠᠶᠢᠳᠠᠭ᠃ ᠢᠩᠭᠢᠵᠦ ᠲᠥᠰᠥᠪᠯᠡᠵᠦ ᠲᠣᠭᠲᠠᠵᠤ ᠴᠢᠳᠠᠪᠠᠯ ᠨᠢᠭᠡ ᠲᠠᠯ᠎ᠠ ᠪᠠᠷ ᠤᠷᠤᠯᠭ᠎ᠠ ᠪᠠᠨ ᠪᠠᠲᠤᠯᠠᠵᠤ ᠴᠢᠳᠠᠬᠤ ᠪᠠᠷ ᠪᠠᠷᠠᠬᠤ ᠦᠭᠡᠢ᠂ ᠨᠦᠬᠦᠭᠡ ᠲᠠᠯ᠎ᠠ ᠪᠠᠷ ᠵᠠᠷᠤᠯᠭ᠎ᠠ ᠪᠠᠨ ᠬᠡᠮ ᠬᠡᠮᠵᠢᠶ᠎ᠡ ᠲᠠᠢ ᠪᠠᠶᠢᠯᠭᠠᠵᠤ᠂ ᠬᠡᠷᠡᠭ ᠦᠭᠡᠢ ᠵᠠᠷᠤᠳᠠᠯ ᠭᠠᠷᠬᠤ ᠠᠴᠠ ᠰᠡᠷᠭᠡᠶᠢᠯᠡᠵᠦ ᠪᠤᠯᠳᠠᠭ᠃         ᠲᠥᠰᠥᠪ  ᠲᠥᠯᠥᠪᠯᠡᠭᠡ  ᠭᠠᠷᠭᠠᠭᠰᠠᠨ  ᠴᠦ  ᠵᠠᠷᠢᠮ ᠦᠶ᠎ᠡ ᠳᠤ ᠬᠤᠪᠢᠷᠠᠭᠤᠯᠬᠤ ᠬᠡᠷᠡᠭᠲᠡᠢ ᠲᠣᠬᠢᠶᠠᠯᠳᠤᠯ ᠪᠠᠶᠢᠳᠠᠭ᠃ ᠤᠴᠢᠷ ᠨᠢ ᠪᠠᠶᠢᠳᠠᠯ ᠪᠠᠶᠢᠩᠭᠤ ᠬᠤᠪᠢᠷᠠᠵᠤ ᠪᠠᠶᠢᠳᠠᠭ ᠪᠣᠯᠬᠤᠷ ᠢᠷᠡᠭᠡᠳᠦᠢ ᠶᠢᠨ ᠤᠴᠢᠷ ᠶᠠᠪᠤᠳᠠᠯ ᠢ ᠶᠠᠭ ᠮᠥᠨ ᠢᠶᠠᠷ ᠨᠢ ᠲᠥᠰᠥᠭᠡᠯᠡᠬᠦ ᠶᠢᠨ ᠠᠷᠭ᠎ᠠ ᠦᠭᠡᠢ ᠶᠤᠮ᠃ ᠭᠡᠬᠦ ᠳᠤ ᠪᠠᠨ ᠬᠤᠪᠢᠷᠠᠭᠰᠠᠨ ᠴᠦ ᠪᠠᠭ᠎ᠠ ᠰᠠᠭ᠎ᠠ ᠬᠤᠪᠢᠷᠠᠯᠲᠠ ᠨᠢ ᠶᠡᠭᠡ ᠲᠠᠯ᠎ᠠ ᠶᠢ ᠳᠡᠭᠡᠵᠦ ᠶᠡᠭᠡ ᠨᠥᠯᠥᠭᠡᠯᠡᠬᠦ ᠦᠭᠡᠢ ᠪᠠᠶᠢᠳᠠᠭ᠃ ᠶᠠᠷᠢᠶᠠᠨ ᠦᠭᠡᠢ ᠵᠠᠷᠢᠮ ᠲᠠᠯ᠎ᠠ ᠶᠢᠨ ᠲᠥᠰᠥᠪ ᠲᠥᠯᠥᠪᠯᠡᠭᠡ ᠨᠢ ᠱᠠᠯ ᠣᠨᠳᠣᠣ ᠶᠠᠭᠤᠮ᠎ᠠ ᠪᠣᠯᠴᠢᠬᠠᠭᠰᠠᠨ ᠨᠢ ᠴᠦ ᠪᠤᠢ᠃ ᠭᠡᠬᠦ ᠳᠤ ᠪᠠᠨ ᠶᠠᠭᠠᠬᠢᠬᠤ ᠡᠶᠢᠬᠦ ᠪᠠᠨ ᠮᠡᠳᠡᠬᠦ ᠦᠭᠡᠢ ᠰᠠᠮᠠᠭᠠᠷᠳᠠᠬᠤ ᠶᠢᠨ ᠣᠷᠣᠨ ᠳᠤ ᠶᠠᠳᠠᠵᠤ ᠨᠢᠭᠡ ᠬᠤᠶᠠᠷ ᠵᠢᠯ ᠤᠨ ᠲᠥᠰᠥᠪ ᠲᠥᠯᠥᠪᠯᠡᠭᠡ ᠶᠢ ᠠᠵᠢᠯ ᠦᠢᠯᠡᠰ ᠤᠨ ᠵᠠᠮ ᠳᠤ ᠪᠠᠨ ᠲᠣᠭᠲᠠᠭᠠᠴᠢᠬᠠᠭᠰᠠᠨ ᠪᠠᠶᠢᠬᠤ ᠨᠢ ᠵᠥᠪ ᠪᠢᠯᠡ᠃ ᠲᠥᠰᠥᠪ ᠲᠥᠯᠥᠪᠯᠡᠭᠡ ᠭᠠᠷᠭᠠᠬᠤ ᠨᠢ ᠵᠠᠪᠠᠯ ᠰᠠᠨᠠᠭᠠᠨ ᠳᠤ ᠪᠠᠨ ᠬᠦᠷᠬᠦ ᠶᠢᠨ ᠲᠡᠮᠡᠴᠡᠯ ᠪᠢᠰᠢ᠂ ᠬᠠᠷᠢᠨ ᠶᠠᠮᠠᠷ ᠨᠢᠭᠡᠨ ᠵᠦᠭ ᠲᠤ ᠠᠷᠭ᠎ᠠ ᠪᠦᠬᠦᠨ ᠢ ᠰᠦᠪᠡᠭᠴᠢᠯᠡᠨ ᠣᠴᠢᠬᠤ ᠶᠢᠨ ᠨᠡᠷ᠎ᠡ ᠶᠤᠮ᠃ ᠮᠥᠨᠴᠦ ᠥᠪᠡᠷ ᠢ ᠪᠠᠨ ᠳᠠᠶᠢᠴᠢᠯᠠᠬᠤ᠂ ᠠᠮᠢᠳᠤᠷᠠᠯ ᠠᠵᠢᠯ ᠦᠢᠯᠡᠰ ᠢᠶᠠᠨ ᠢᠲᠡᠭᠡᠯ ᠳᠦᠭᠦᠷᠡᠩ ᠢᠶᠠᠷ ᠠᠪᠴᠤ ᠶᠠᠪᠤᠬᠤ᠂ ᠢᠷᠡᠭᠡᠳᠦᠢ ᠶᠢ ᠨᠡᠩ ᠰᠠᠶᠢᠬᠠᠨ ᠢᠶᠠᠷ ᠲᠥᠰᠥᠭᠡᠯᠡᠬᠦ ᠭᠡᠳ ᠤᠯᠠᠨ ᠲᠠᠯ᠎ᠠ ᠲᠠᠢ ᠬᠤᠯᠪᠣᠭᠳᠠᠭᠰᠠᠨ ᠠᠮᠢᠳᠤᠷᠠᠬᠤᠢ ᠶᠢᠨ ᠦᠵᠡᠯᠲᠡ ᠪᠢᠯᠡ᠃         ᠲᠥᠰᠥᠪ ᠲᠥᠯᠥᠪᠯᠡᠭᠡ ᠬᠡᠳᠡᠭ ᠨᠢ ᠵᠦᠭᠡᠷ ᠬᠡᠢ ᠬᠤᠭᠤᠰᠤᠨ ᠪᠤᠳᠤᠯ ᠪᠢᠰᠢ ᠶᠤᠮ᠃ ᠪᠤᠳᠤᠭᠠᠳ ᠯᠡ ᠪᠦᠲᠦᠭᠡᠳ ᠯᠡ ᠪᠠᠶᠢᠳᠠᠭ ᠪᠣᠯ ᠠᠮᠢᠳᠤᠷᠠᠯ ᠲᠡᠮᠡᠴᠡᠯ ᠶᠠᠮᠠᠷ ᠴᠦ ᠤᠳᠬ᠎ᠠ ᠠᠭᠤᠯᠭ᠎ᠠ ᠦᠭᠡᠢ ᠪᠤᠯᠬᠤ ᠨᠢ ᠮᠡᠳᠡᠭᠡᠵᠢ᠃ ᠲᠥᠰᠥᠪ ᠲᠥᠯᠥᠪᠯᠡᠭᠡ ᠭᠡᠳᠡᠭ ᠨᠢ ᠪᠤᠳᠤᠯ ᠤᠨ ᠢᠶᠠᠨ ᠳᠠᠭᠠᠤ ᠲᠣᠭᠲᠠᠭᠠᠭᠰᠠᠨ ᠤᠯᠠᠨ ᠠᠷᠭ᠎ᠠ ᠠᠪᠴᠠᠯ᠂ ᠨᠡᠭᠡᠭᠡᠭᠰᠡᠨ ᠵᠠᠮ ᠪᠠᠶᠢᠳᠠᠭ᠃ ᠥᠪᠡᠷ ᠤᠨ ᠭᠡᠰᠡᠨ ᠠᠷᠭ᠎ᠠ ᠤᠬᠠᠭᠠᠨ ᠢᠶᠠᠷ ᠢᠶᠠᠨ ᠵᠠᠮ ᠨᠡᠭᠡᠭᠡᠵᠦ ᠠᠶᠠᠯᠠᠬᠤ ᠳᠤ ᠰᠠᠨᠠᠭᠰᠠᠨ ᠪᠤᠳᠤᠭᠰᠠᠨ ᠳᠤ ᠪᠠᠨ ᠬᠦᠷᠬᠦ ᠨᠢ ᠵᠦᠢ᠃ ᠲᠥᠰᠥᠪ ᠲᠥᠯᠥᠪᠯᠡᠭᠡ ᠭᠠᠷᠭᠠᠬᠤ ᠳᠤ ᠥᠪᠡᠷ ᠤᠨ ᠦᠢᠯᠡᠳᠪᠦᠷᠢᠯᠡᠯ ᠡᠵᠡᠩᠨᠡᠯᠲᠡ᠂ ᠠᠵᠢᠯ ᠳᠦᠷᠦᠯ᠂ ᠠᠵᠤ ᠠᠬᠤᠢ ᠶᠢᠨ ᠪᠠᠶᠢᠳᠠᠯ᠂ ᠳᠤᠷ᠎ᠠ ᠰᠣᠨᠢᠷᠬᠠᠯ ᠵᠡᠷᠭᠡ ᠤᠯᠠᠨ ᠲᠠᠯ᠎ᠠ ᠳᠤ ᠲᠣᠬᠢᠷᠠᠭᠰᠠᠨ ᠪᠠᠶᠢᠬᠤ ᠨᠢ ᠴᠢᠬᠤᠯᠠ᠃ ᠪᠣᠳᠠᠲᠤ ᠪᠠᠶᠢᠳᠠᠯ ᠲᠠᠢ ᠪᠠᠨ ᠨᠡᠶᠢᠴᠡᠬᠦ ᠦᠭᠡᠢ ᠵᠦᠢᠯ ᠪᠣᠯ ᠵᠦᠭᠡᠷ ᠯᠡ ᠬᠤᠭᠤᠰᠤᠨ ᠪᠤᠳᠤᠯ ᠶᠤᠮ᠃ ᠲᠥᠰᠥᠪ ᠲᠥᠯᠥᠪᠯᠡᠭᠡ ᠨᠢ ᠥᠪᠡᠷ ᠤᠨ ᠢᠶᠠᠨ ᠬᠦᠷᠴᠦ ᠪᠤᠯᠬᠤ᠂ ᠭᠦᠢᠴᠡᠭᠡᠵᠦ ᠳᠡᠶᠢᠯᠬᠦ ᠬᠡᠮᠵᠢᠶᠡᠨ ᠤ ᠬᠢ ᠪᠠᠶᠢᠭᠰᠠᠨ ᠢᠶᠠᠷ ᠯᠡ ᠵᠠᠮᠴᠢ ᠪᠣᠯᠵᠤ ᠳᠡᠶᠢᠯᠦᠨ᠎ᠡ᠃ ᠵᠠᠮᠴᠢ ᠵᠥᠪ ᠪᠣᠯ ᠵᠦᠭ ᠠᠯᠳᠠᠬᠤ ᠦᠭᠡᠢ ᠪᠠᠶᠢᠳᠠᠭ᠃ ᠲᠥᠰᠥᠪ ᠲᠥᠯᠥᠪᠯᠡᠭᠡ ᠶᠢ ᠣᠬᠤᠷ ᠬᠤᠭᠤᠴᠠᠭᠠᠨ ᠤ᠂ ᠤᠷᠳᠤ ᠬᠤᠭᠤᠴᠠᠭᠠᠨ ᠤ ᠬᠡᠮᠡᠨ ᠠᠰ ᠠᠰ ᠲᠤ ᠨᠢ ᠲᠣᠭᠲᠠᠭᠠᠵᠤ ᠠᠯᠬᠤᠮ ᠠᠯᠬᠤᠮ ᠢᠶᠠᠷ ᠤᠷᠤᠭᠰᠢᠯᠠᠬᠤ ᠨᠢ ᠵᠠᠮ ᠢ ᠤᠯᠠᠮ ᠰᠢᠯᠤᠭᠤᠳᠬᠠᠵᠤ᠂ ᠵᠣᠷᠢᠯᠲᠠ ᠬᠠᠷᠠᠯᠲᠠ ᠳᠤ ᠠᠮᠠᠷᠬᠠᠨ ᠬᠦᠷᠭᠡᠬᠦ ᠪᠣᠯᠣᠨ᠎ᠠ᠃ ᠲᠥᠰᠥᠪ ᠲᠥᠯᠥᠪᠯᠡᠭᠡ ᠨᠢ ᠵᠠᠮᠴᠢ ᠮᠡᠲᠦ ᠪᠠᠷ ᠲᠠ ᠪᠢᠳᠡᠨ ᠢ ᠳᠠᠭᠠᠭᠤᠯᠵᠤ ᠠᠵᠢᠯ ᠦᠢᠯᠡᠰ ᠤᠨ ᠬᠠᠷᠠᠯᠲᠠ ᠵᠣᠷᠢᠯᠲᠠ ᠳᠤ ᠬᠦᠷᠭᠡᠳᠡᠭ ᠪᠣᠯᠬᠤᠷ ᠢᠷᠡᠭᠡᠳᠦᠢ ᠪᠠᠨ ᠪᠠᠶᠢᠩᠭᠤ ᠪᠤᠳᠤᠵᠦ ᠲᠥᠰᠥᠪᠯᠡᠵᠦ ᠪᠠᠶᠢᠬᠤ ᠨᠢ ᠥᠪᠡᠷ ᠲᠤ ᠲᠠᠨᠢ ᠠᠰᠢᠭᠲᠠᠢ ᠪᠢᠯᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号