2024 ᠣᠨ ᠤ 7 ᠰᠠᠷ᠎ᠠ ᠶᠢᠨ 29 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠ ᠶᠢᠰᠦᠳᠦᠭᠡᠷ ᠬᠤᠷᠠᠯᠳᠤᠭᠠᠨ ᠳᠡᠭᠡᠷ᠎ᠡ | | ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠳ ᠠ᠋᠄ | ᠣᠲᠣ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ 2024 ᠣᠨ ᠤ ᠳᠡᠭᠡᠷ᠎ᠡ ᠬᠠᠭᠠᠰ | ᠵᠢᠯ ᠤᠨ ᠠᠵᠢᠯ ᠤᠨ ᠮᠡᠳᠡᠭᠦᠯᠦᠯᠲᠡ ᠬᠢᠶ᠎ᠡ᠂ ᠲᠠᠨᠠᠷ ᠬᠢᠨᠠᠨ ᠵᠥᠪᠯᠡᠬᠦ ᠶᠢᠨ ᠬᠠᠮᠲᠤ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ ᠳᠡᠭᠡᠷ᠎ᠡ ᠬᠠᠭᠠᠰ ᠵᠢᠯ ᠤᠨ ᠠᠵᠢᠯ ᠤᠨ ᠡᠷᠭᠢᠴᠡᠭᠦᠯᠦᠯ | ᠵᠢᠯ ᠤᠨ ᠡᠬᠢᠨ ᠠᠴᠠ ᠨᠠᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠤᠯᠤᠨ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ | ᠳᠡᠮᠵᠢᠯᠭᠡ ᠳᠣᠣᠷ᠎ᠠ᠂ ᠬᠤᠰᠢᠭᠤ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠦ | ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠪᠥᠬᠦ ᠵᠢᠯ ᠤᠨ | ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ | ︵ᠨᠢᠭᠡ︶ ᠠᠵᠤ ᠠᠬᠤᠢ ᠶᠢᠨ ᠬᠥᠭᠵᠢᠯᠲᠡ ᠲᠣᠭᠲᠠᠭᠤᠨ ᠳᠤᠮᠳᠠ ᠤᠷᠤᠭᠰᠢᠯᠠᠪᠠ᠃ ᠳᠡᠭᠡᠷ᠎ᠡ ᠬᠠᠭᠠᠰ | ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ112 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 13. | 5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 8.8 | ᠵᠠᠭᠤᠨ ᠤ ᠨᠢᠭᠡᠴᠢ ᠥᠨᠳᠥᠷ ᠪᠤᠯᠪᠠ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 97.1 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 16% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13. | 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ | ᠵᠢᠯ ᠤᠨ ᠡᠬᠢᠨ ᠳᠤ ᠲᠣᠭᠲᠠᠭᠠᠭᠰᠠᠨ 56 ᠭᠤᠣᠯᠳᠠᠯᠭ᠎ᠠ ᠲᠠᠢ ᠲᠥᠷᠥᠯ ᠵᠦᠢᠯ ᠤᠨ 43 ᠲᠥᠷᠥᠯ ᠵᠦᠢᠯ ᠤᠨ ᠠᠵᠢᠯ | ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 76.8% ᠳᠤ ᠬᠦᠷᠴᠡᠢ᠃ ᠡᠭᠦᠨ ᠳᠤ | ᠠᠶᠢᠮᠠᠭ ᠤᠨ ᠲᠠᠰ ᠤᠨ 15 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠪᠦᠬᠦᠨ ᠢ ᠡᠬᠢᠯᠡᠭᠦᠯᠦᠭᠰᠡᠨ ᠪᠠᠶᠢᠨ᠎ᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 46.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ | ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 69.6% ᠨᠡᠮᠡᠭᠳᠡᠪᠡ᠃ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ | ᠠᠶᠢᠮᠠᠭ ᠤᠨ ᠬᠤᠶᠠᠳᠤᠭᠠᠷ ᠲᠤ ᠣᠷᠣᠵᠤ᠂ ᠣᠨ ᠤ ᠡᠭᠦᠷᠭᠡ ᠶᠢᠨ 57.4% ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 1% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 19073 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ | ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25066 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.2% ᠪᠠᠷ ᠨᠡᠮᠡᠭᠳᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11356 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.8% ᠪᠠᠷ ᠨᠡᠮᠡᠭᠳᠡᠪᠡ᠃ | ︵ᠬᠤᠶᠠᠷ︶ ᠠᠵᠤ ᠦᠢᠯᠡᠰ ᠤᠨ ᠲᠡᠰ ᠲᠡᠪᠰᠢᠯᠳᠠ ᠶᠢ ᠲᠦᠷᠭᠡᠨ ᠪᠥᠭᠡᠳ ᠲᠣᠭᠲᠠᠭᠤᠨ ᠢᠶᠠᠷ ᠨᠡᠮᠡᠭᠳᠡᠬᠦᠯᠪᠡ | —— ᠤᠳᠤ ᠦᠶ᠎ᠡ ᠶᠢᠨ ᠮᠠᠯ ᠠᠵᠤ ᠠᠬᠤᠢ ᠶᠢ ᠶᠡᠬᠡᠪᠡᠷ ᠬᠦᠭᠵᠢᠬᠦᠯᠪᠡ᠃ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠤᠯᠤᠰ ᠤᠨ ᠪᠡᠯᠴᠢᠭᠡᠷ ᠤᠨ ᠮᠠᠯ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠤᠷᠰᠢᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠶᠢ ᠠᠬᠢᠭᠤᠯᠤᠨ᠂ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ ᠦᠵᠡᠭᠦᠯᠬᠦ | ᠲᠥᠪ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠦ᠂ ᠲᠦᠮᠡᠨ ᠲᠣᠯᠣᠭᠠᠢ ᠮᠢᠬᠠᠨ ᠤ ᠦᠬᠡᠷ ᠲᠡᠵᠢᠭᠡᠨ ᠪᠣᠷᠳᠣᠵᠤ | ᠲᠠᠷᠭᠤᠯᠠᠭᠤᠯᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠪᠠ᠃ ᠮᠢᠬᠠᠨ ᠤ ᠦᠬᠡᠷ ᠤᠨ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠶᠢᠮᠠᠭ ᠤᠨ ᠲᠠᠰ ᠤᠨ ᠮᠢᠬᠠᠨ ᠤ ᠦᠬᠡᠷ ᠤᠨ | ᠭᠤᠤᠯᠳᠠᠯᠭᠠᠳᠤ ᠰᠦᠷᠦᠭ ᠢ ᠨᠡᠶᠢᠲᠡ 40 ᠪᠣᠶᠢᠵᠢᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠶᠢ | 200 ᠶᠢ ᠪᠠᠶᠢᠭᠤᠯᠵᠤ᠂ ᠳᠡᠭᠡᠷ᠎ᠡ ᠬᠠᠭᠠᠰ ᠵᠢᠯ ᠳᠤ 7066 ᠦᠨᠢᠶ᠎ᠡ ᠳᠤ ᠬᠡᠭᠡᠯᠳᠦᠭᠦᠯᠭᠡ ᠬᠢᠵᠦ᠂ ᠵᠢᠯ ᠤᠨ | ᠡᠭᠦᠷᠭᠡ ᠶᠢᠨ 57% ᠶᠢ ᠪᠡᠶᠡᠯᠡᠭᠦᠯᠪᠡ᠃ ᠦᠵᠦᠮᠦᠴᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 1 ᠡᠭᠦᠯᠳᠡᠷ ᠤᠨ ᠬᠤᠨᠢᠨ ᠤ ᠲᠠᠯᠠᠪᠠᠶ ᠂ 18 ᠦᠷᠡᠵᠢᠬᠦᠯᠦᠨ | ᠦᠰᠬᠡᠬᠦ ᠲᠠᠯᠠᠪᠠᠶ᠂ 300 ᠭᠤᠤᠯᠳᠠᠯᠭᠠᠳᠤ ᠰᠦᠷᠦᠭ ᠢ ᠥᠷᠭᠡᠳᠬᠡᠨ ᠪᠤᠶᠢᠵᠢᠭᠤᠯᠪᠠ᠃ ᠣᠲᠣ ᠦᠶ᠎ᠡ ᠶᠢᠨ | ᠠᠳᠤᠭᠤᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠣᠩᠭᠤᠯ ᠠᠳᠤᠭᠤᠨ ᠤ ᠬᠠᠮᠠᠭᠠᠯᠠᠯᠲᠠ ᠶᠢᠨ 63 | ᠭᠤᠤᠯᠳᠠᠯᠭᠠᠳᠤ ᠰᠦᠷᠦᠭ ᠢ ᠪᠤᠶᠢᠵᠢᠭᠤᠯᠤᠨ᠂ 30 ᠠᠳᠤᠭᠤᠨ ᠤ ᠬᠠᠰᠢᠶ᠎ᠠ ᠶᠢ ᠰᠢᠨ᠎ᠡ ᠪᠠᠷ ᠪᠠᠶᠢᠭᠤᠯᠵᠤ᠂ 470 | ᠮᠣᠩᠭᠤᠯ ᠠᠳᠤᠭᠤᠨ ᠳᠤ ᠬᠢᠨᠠᠨ ᠬᠡᠮᠵᠢᠯᠳᠠ ᠬᠢᠬᠦ ᠶᠢᠨ ᠬᠠᠮᠲᠤ ᠤᠯᠤᠰ ᠤᠨ ᠬᠠᠮᠠᠭᠠᠯᠠᠯᠲᠠ ᠶᠢᠨ ᠣᠷᠣᠨ ᠤ | ᠲᠣᠭᠠᠴᠢᠯᠠᠭᠰᠠᠨ ᠰᠢᠰᠲ᠋ᠧᠮ ᠤᠨ ᠬᠠᠮᠢᠶᠠᠷᠤᠯᠲᠠ ᠳᠤ ᠤᠷᠤᠭᠤᠯᠪᠠ᠃ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 1 ᠶᠢ ᠪᠠᠶᠢᠭᠤᠯᠵᠤ | ᠂ ᠦᠨᠢᠶ᠎ᠡ ᠰᠠᠭᠠᠬᠤ ᠥᠷᠲᠡᠭᠡ 2 ᠶᠢ ᠡᠬᠢᠯᠡᠨ ᠪᠠᠶᠢᠭᠤᠯᠵᠤ᠂ 4 ᠡᠵᠡᠩᠨᠡᠯᠲᠡ ᠶᠢᠨ ᠭᠤᠣᠯ ᠴᠣᠭᠴᠠ ᠨᠢ ᠰᠢᠯᠢ ᠶᠢᠨ | ᠭᠤᠣᠯ ᠤᠨ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠬᠡᠷᠡᠭᠯᠡᠬᠦ ᠡᠷᠬᠡ ᠶᠢ ᠣᠯᠪᠠ᠃ ᠡᠪᠡᠰᠦ ᠪᠤᠷᠳᠤᠭᠠᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ 7.4 | ᠲᠦᠮᠡᠨ ᠮᠦ ᠡᠪᠡᠰᠦ ᠪᠣᠷᠳᠤᠭ᠎ᠠ ᠶᠢ ᠬᠥᠮᠥᠨ ᠤ ᠬᠦᠴᠦ ᠪᠠᠷ ᠳᠠᠷᠢᠵᠤ᠂ ᠬᠤᠯᠢᠮᠠᠭ ᠲᠡᠵᠢᠭᠡᠯ ᠪᠤᠷᠳᠤᠭ᠎ᠠ ᠡᠳ᠋ᠰᠢᠭᠦᠯᠬᠦ | ᠲᠥᠪ ᠢ 2 ᠪᠠᠶᠢᠭᠤᠯᠵᠤ᠂ ᠲᠣᠮᠣ ᠬᠡᠯᠪᠡᠷᠢ ᠶᠢᠨ ᠡᠪᠡᠰᠦ ᠪᠤᠷᠳᠤᠭᠠᠨ ᠤ ᠠᠷᠠᠯᠵᠢᠶᠠᠨ ᠤ ᠲᠥᠪ ᠢ 1 ᠶᠢ ᠥᠷᠭᠡᠳᠬᠡᠨ | ᠪᠠᠶᠢᠭᠤᠯᠪᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ︽ᠳᠤᠮᠳᠠᠳᠤ ᠤᠯᠤᠰ ᠤᠨ ᠨᠢᠭᠡ ᠰᠢᠶᠠᠩ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠪᠠᠯᠭᠠᠰᠤ | 1 ᠶᠢ ᠡᠭᠦᠳᠦᠨ ᠪᠠᠶᠢᠭᠤᠯᠵᠦ ᠂ ᠴᠠᠭᠠᠨ ᠦᠬᠡᠷ᠂ ᠴᠠᠭᠠᠨ ᠠᠳᠤᠭᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 2 | ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ 1 ᠠᠵᠤ ᠠᠬᠤᠶᠢᠯᠠᠯ ᠰᠢᠯᠢ ᠶᠢᠨ ᠭᠤᠣᠯ ᠤᠨ ᠬᠤᠨᠢᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠶᠢ ᠣᠯᠪᠠ᠃ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ 410 ᠲᠦᠮᠡᠨ | ᠲᠣᠯᠣᠭᠠᠢ ᠮᠠᠯ ᠰᠦᠷᠦᠭ ᠲᠤ ᠬᠢᠵᠢᠭ ᠠᠴᠠ ᠰᠡᠷᠭᠡᠶᠢᠯᠡᠬᠦ ᠲᠠᠷᠢᠯᠭ᠎ᠠ ᠲᠠᠷᠢᠬᠤ ᠶᠢ ᠪᠡᠶᠡᠯᠡᠬᠦᠯᠵᠦ᠂ 400 ᠭᠠᠷᠤᠢ | ᠲᠣᠨ ᠡᠪᠡᠳᠴᠢᠨ ᠢᠶᠠᠷ ᠦᠬᠦᠭᠰᠡᠨ ᠮᠠᠯ ᠢ ᠰᠢᠢᠳᠪᠦᠷᠢᠯᠡᠵᠡᠢ᠃ | —— ᠠᠵᠤ ᠦᠢᠯᠡᠳᠪᠦᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠪᠡ᠃ ᠳᠡᠭᠡᠷ᠎ᠡ ᠬᠠᠭᠠᠰ | ᠵᠢᠯ ᠳᠤ᠂ ᠪᠥᠬᠦ ᠬᠤᠰᠢᠭᠤᠨ ᠤ 28 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 208.8 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.9% ᠪᠠᠷ | ᠨᠡᠮᠡᠭᠳᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠰᠢᠷᠣᠢ ᠶᠢᠨ ᠭᠠᠷᠳᠠᠮ ᠢ | ᠭᠦᠢᠴᠡᠳᠬᠡᠬᠦ ᠳᠤ 4 ᠤᠳᠠᠭ᠎ᠠ ᠢᠳᠡᠪᠬᠢᠲᠡᠢ ᠬᠠᠮᠵᠢᠯᠴᠠᠵᠤ᠂ ᠬᠤᠸᠠ ᠷᠦᠨ ᠪᠦᠯᠦᠭᠯᠡᠯ ᠤᠨ ᠦ᠋ ᠵᠢᠶᠠᠨ ᠹᠠᠩ | ᠪᠠᠷᠠᠭᠤᠨ ᠨᠢᠭᠡᠳᠦᠭᠡᠷ ᠠᠭᠤᠷᠬᠠᠢ᠂ ᠵᠢᠷ ᠤᠨ ᠭᠤᠣᠯ ᠬᠤᠶᠠᠳᠤᠭᠠᠷ ᠠᠭᠤᠷᠬᠠᠢ ᠵᠡᠷᠭᠡ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠵᠢᠯᠣᠭᠤᠳᠤᠨ ᠱᠠᠭᠠᠷᠳᠠᠵᠦ᠂ 1—6 ᠳ᠋ᠤᠭᠠᠷ | ᠰᠠᠷ᠎ᠠ ᠳᠤ ᠨᠡᠶᠢᠲᠡ 3211.3 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ | ᠬᠢ ᠠᠴᠠ 12.8% ᠪᠠᠷ ᠨᠡᠮᠡᠭᠳᠡᠪᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ | ᠦᠢᠯᠡᠳᠪᠦᠷᠢ ᠶᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠰᠤ᠋ ᠨᠧᠩ ᠪᠠᠶᠠᠨᠬᠤᠸᠠ ᠴᠠᠬᠢᠯᠭᠠᠨ ᠤ | ᠦᠢᠯᠡᠳᠪᠦᠷᠢ᠂ ᠪᠠᠶᠠᠨᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠢ ᠱᠠᠯᠠᠪᠳᠠᠨ ᠪᠠᠶᠢᠭᠤᠯᠵᠤ᠂ | ᠳᠡᠭᠡᠷ᠎ᠡ ᠬᠠᠭᠠᠰ ᠵᠢᠯ ᠳᠤ ᠨᠡᠶᠢᠲᠡ 120.2 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠠᠳᠠᠯᠢ | ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ ᠢᠦᠢ ᠯᠦᠩ ᠠᠭᠤᠷᠬᠠᠢ ᠶᠢᠨ ᠦᠢᠯᠡᠰ᠂ ᠶᠢᠨ ᠮᠠᠨ | ᠠᠭᠤᠷᠬᠠᠢ ᠶᠢᠨ ᠦᠢᠯᠡᠰ᠂ ᠪᠠᠶᠠᠨᠬᠤᠸᠠ ᠦᠨᠳᠦᠷ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠳᠠᠰᠤ᠂ ᠪᠦᠦ | ᠱᠦᠸᠧ ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠵᠢᠯᠯᠠᠭᠠᠨ ᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠡᠬᠢᠨ ᠠᠴᠠ ᠨᠠᠰᠢ ᠨᠡᠶᠢᠲᠡ | 2.3 ᠲᠦᠮᠡᠨ ᠲᠣᠨ ᠥᠩᠭᠡᠲᠦ ᠲᠡᠮᠦᠷᠯᠢᠭ ᠢ ᠰᠣᠩᠭᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 22. | 6% ᠪᠠᠷ ᠨᠡᠮᠡᠭᠳᠡᠪᠡ᠃ ᠥᠩᠭᠡᠲᠦ ᠲᠡᠮᠦᠷᠯᠢᠭ ᠵᠢᠴᠢ ᠬᠠᠶᠢᠯᠤᠰᠢ ᠶᠢ 46.7 ᠲᠦᠮᠡᠨ ᠲᠣᠨ ᠪᠣᠯᠪᠠᠰᠤᠷᠠᠭᠤᠯᠵᠤ᠂ | ᠠᠳᠠᠯᠢ ᠬᠤᠭᠤᠴᠠᠭᠠᠨ ᠤ ᠬᠢ ᠠᠴᠠ 116.7% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠠᠲᠠᠭᠤ ᠪᠡᠶᠡᠳᠤ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠶᠤᠸᠠᠨ ᠹᠧᠩ ᠠᠵᠤ ᠦᠢᠯᠡᠰ ᠤᠨ ᠵᠢᠯ ᠳᠤ | 20 ᠲᠦᠮᠡᠨ ᠲᠣᠨ ᠬᠥᠩᠭᠡᠨ ᠴᠢᠨᠠᠷ ᠤᠨ ᠴᠣᠬᠤᠶᠢᠳᠠᠭᠰᠠᠨ ᠵᠤᠭᠠᠩ ᠦᠢᠯᠡᠳᠪᠦᠷᠢᠯᠡᠬᠦ ᠲᠥᠷᠥᠯ ᠵᠦᠢᠯ᠂ ᠮᠧᠩ | ᠭᠦᠢ ᠰᠢᠨᠵᠢᠯᠡᠬᠦ ᠤᠬᠠᠭᠠᠨ ᠮᠡᠷᠭᠡᠵᠢᠯ ᠤᠨ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ | ᠰᠠᠭᠤᠷᠢᠨ ᠭᠠᠵᠠᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠣᠬᠢᠷᠲᠤᠯ ᠦᠭᠡᠢ | ᠤᠶᠤᠨᠳᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ᠂ 2 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠨ᠂ 6 ᠵᠦᠢᠯ ᠤᠨ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ 5 ᠵᠦᠢᠯ ᠤᠨ ᠨᠡᠭᠦᠷᠡᠰᠦᠨ ᠠᠭᠤᠷᠬᠠᠢ ᠶᠢᠨ | ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ᠪᠣᠬᠢᠷᠲᠤᠯ ᠦᠭᠡᠢ | ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠴᠢᠩᠭᠠᠳᠬᠠᠵᠤ᠂ ᠢᠦᠢ ᠯᠦᠩ ᠠᠭᠤᠷᠬᠠᠢ ᠶᠢᠨ | ᠦᠢᠯᠡᠰ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ 9 ᠡᠨᠧᠷᠭᠢ ᠬᠡᠷᠡᠭᠯᠡᠬᠦ ᠠᠵᠤ ᠠᠬᠤᠶᠢᠯᠠᠯ | 95 ᠲᠦᠮᠡᠨ ᠪᠤᠬᠢᠷᠳᠤᠯ ᠦᠭᠡᠢ ᠴᠠᠬᠢᠯᠭᠠᠨ ᠤ ᠦᠨᠡᠮᠯᠡᠯ ᠢ ᠬᠤᠳᠠᠯᠳᠤᠨ ᠠᠪᠤᠪᠠ᠃ | ——ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠦᠷᠭᠡᠨ ᠬᠦᠭᠵᠢᠬᠦᠯᠪᠡ᠃ ︽ᠪᠠᠭ᠋ᠠᠷᠤᠮ᠎ᠠ | ᠰᠠᠶᠢᠬᠠᠨ ᠪᠠᠷᠠᠭᠤᠨ ᠦᠵᠦᠮᠦᠴᠢᠨ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠵᠡᠷᠭᠡ | ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠰᠢᠨ᠎ᠡ ︽ᠵᠢᠭᠤᠯᠴᠢᠯᠠᠯ ᠤᠨ | ᠠᠷᠪᠠᠨ ᠵᠤᠷᠪᠤᠰ︾ ᠢ ᠵᠠᠰᠠᠨ ᠲᠣᠭᠲᠠᠭᠠᠵᠤ᠂ 2023 ᠣᠨ ᠤ ᠳᠡᠳᠬᠦᠨ ᠱᠠᠩᠨᠠᠬᠤ ᠪᠡᠯᠡ ᠮᠥᠩᠭᠦ ᠶᠢ 215 | ᠲᠦᠮᠡᠨ ᠲᠥᠭᠦᠷᠢᠭ ᠣᠯᠭᠤᠵᠤ᠂ 99 ᠨᠣᠮᠧᠷᠲᠤ ᠵᠠᠰᠠᠮᠠᠯ ᠵᠠᠮ ᠤᠨ ᠡᠬᠢᠯᠡᠯᠲᠡ ᠶᠢᠨ ᠴᠡᠭ ᠤᠨ | ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ᠶᠤᠯᠤ ᠬᠠᠶᠢᠷᠬᠠᠨ ᠤ | ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠭᠦᠷᠭᠡᠨ ᠵᠠᠮ ᠢ ᠪᠠᠶᠢᠭᠤᠯᠤᠨ ᠳᠠᠭᠤᠰᠬᠠᠵᠤ᠂ ᠬᠠᠪᠴᠢᠭᠠᠢ ᠶᠢᠨ | ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠠᠬᠢᠭᠤᠯᠪᠠ᠃ ᠪᠠᠷᠠᠭᠤᠨ ᠦᠵᠦᠮᠦᠴᠢᠨ | ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠢᠶᠠᠷ IP ᠪᠣᠯᠭᠠᠭᠰᠠᠨ ᠮᠣᠩᠭᠤᠯ ᠮᠣᠷᠢᠨ ᠤ | ᠬᠤᠯᠪᠣᠭᠠᠲᠤ ᠤᠷᠤᠯᠳᠤᠭᠠᠨ᠂ ᠬᠡᠷᠡᠯ ᠵᠢᠷᠤᠭ ᠤᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠮᠠᠷᠠᠽᠤᠨ | ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ | ᠰᠢᠯᠭᠠᠷᠠᠭᠤᠯᠬᠤ ᠤᠷᠤᠯᠳᠤᠭᠠᠨ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ | ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠪᠠᠷᠤᠭ 23.5 ᠲᠦᠮᠡᠨ ᠬᠥᠮᠥᠨ ᠤᠳᠠᠭ᠎ᠠ ᠲᠠᠲᠠᠵᠤ | ᠂ ᠵᠢᠭᠤᠯᠴᠢᠯᠠᠯ ᠤᠨ ᠣᠷᠣᠯᠭ᠎ᠠ 8225 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | ᠲᠣᠰ ᠲᠣᠰ 43% ᠪᠠ 22% ᠪᠠᠷ ᠨᠡᠮᠡᠭᠳᠡᠪᠡ᠃ ᠢᠯᠠᠩᠭᠤᠶ᠎ᠠ ᠠᠩᠬᠠᠳᠤᠭᠠᠷ ᠬᠤᠭᠤᠴᠠᠭᠠᠨ ᠤ ᠪᠠᠷᠠᠭᠤᠨ | ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠮᠠᠷᠠᠽᠤᠨ ᠤᠷᠤᠯᠳᠤᠭᠠᠨ | ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠨᠢ | ᠨᠡᠶᠢᠭᠡᠮ ᠳᠡᠭᠡᠷ᠎ᠡ ᠬᠠᠯᠠᠭᠤᠨ ᠲᠤᠰᠬᠠᠯ ᠭᠠᠷᠴᠤ᠂ ᠲᠥᠪ ᠲᠧᠯᠸᠢᠰ ᠤᠨ ᠦᠳᠡᠰᠢ ᠶᠢᠨ ᠰᠣᠨᠢᠨ ᠮᠡᠳᠡᠭᠡᠨ ᠤ | ᠪᠤᠯᠤᠩ ᠳᠤ ᠨᠡᠪᠳᠡᠷᠡᠬᠦᠯᠦᠭᠰᠡᠨ ᠪᠥᠭᠡᠳ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠᠷ ᠳᠠᠮᠵᠢᠭᠤᠯᠤᠨ | ᠰᠢᠭᠤᠳ ᠨᠠᠪᠲᠠᠷᠡᠭᠦᠯᠵᠦ᠂ ᠮᠠᠨ ᠤ ᠬᠤᠰᠢᠭᠤᠨ ᠤ ᠭᠠᠵᠠᠷ ᠣᠷᠣᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ | ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠶᠡᠬᠡᠪᠡᠷ | ᠬᠥᠭᠵᠢᠭᠦᠯᠵᠦ᠂ ︽2024 ᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ︾ ᠵᠡᠷᠭᠡ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠨᠡᠶᠢᠲᠡ 4539 ᠲᠦᠮᠡᠨ ᠲᠥᠭᠦᠷᠢᠭ ᠤᠨ | ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 52% ᠪᠠᠷ ᠨᠡᠮᠡᠭᠳᠡᠪᠡ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠨᠡᠩ ᠰᠢᠯᠢᠳᠡᠭᠵᠢᠬᠦᠯᠪᠡ | —— ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠪᠠ᠃ ᠠᠭᠤᠷᠬᠠᠢ ᠶᠢᠨ | ᠭᠠᠵᠠᠷ ᠤᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠰ ᠬᠤᠭᠤᠴᠠᠭᠠᠨ ᠳᠤ | ᠪᠠᠶᠢᠭ᠎ᠠ ᠠᠭᠤᠷᠬᠠᠢ ᠳᠤ 9020 ᠲᠦᠮᠡᠨ ᠲᠥᠭᠦᠷᠢᠭ ᠣᠷᠣᠭᠤᠯᠵᠤ᠂ 3 ᠲᠡᠭᠰᠢ ᠳᠥᠷᠪᠡᠯᠵᠢᠨ ᠺᠢᠯᠣᠮᠧᠲᠷ | ᠲᠠᠯᠠᠪᠠᠶ ᠶᠢ ᠵᠠᠰᠠᠨ ᠳᠠᠭᠤᠰᠬᠠᠵᠤ᠂ ᠵᠠᠰᠠᠭ ᠤᠨ ᠣᠷᠳᠣᠨ ᠠᠴᠠ 430 ᠲᠦᠮᠡᠨ ᠲᠥᠭᠦᠷᠢᠭ ᠣᠷᠣᠭᠤᠯᠵᠤ᠂ | ᠤᠷᠬᠢᠭᠳᠠᠵᠤ ᠬᠠᠶᠠᠭᠳᠠᠭᠰᠠᠨ 2 ᠠᠭᠤᠷᠬᠠᠢ ᠶᠢᠨ ᠨᠦᠬᠡ ᠶᠢᠨ 0.4 ᠲᠡᠭᠰᠢ ᠳᠥᠷᠪᠡᠯᠵᠢᠨ ᠺᠢᠯᠣᠮᠧᠲᠷ ᠭᠠᠵᠠᠷ ᠢ | ᠵᠠᠰᠠᠵᠦ᠂ ᠶᠤᠸᠠᠢ ᠶᠢᠨ ᠨᠡᠭᠦᠷᠡᠰᠦᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ | ᠬᠠᠭᠠᠯᠪᠤᠷᠢᠯᠠᠭᠰᠠᠨ ᠭᠠᠵᠠᠷ ᠰᠢᠷᠤᠢ ᠶᠢ ᠰᠡᠷᠭᠦᠭᠡᠬᠦ ᠢᠨᠵᠧᠨᠧᠷᠢᠩ ᠤᠨ 95% ᠶᠢᠨ ᠶᠡᠷᠦᠩᠬᠡᠢ ᠬᠡᠮᠵᠢᠶ᠎ᠡ ᠶᠢ | ᠪᠡᠶᠡᠯᠡᠭᠦᠯᠪᠡ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠭᠤᠷᠤᠬᠠᠨ ᠭᠤᠣᠯ ︵ᠪᠠᠶᠠᠨᠬᠤᠸᠠ ᠪᠠᠯᠭᠠᠰᠤ ᠶᠢᠨ ᠬᠡᠰᠡᠭ︶ ᠢ ᠵᠠᠰᠠᠬᠤ ᠢᠨᠵᠧᠨᠧᠷᠢᠩ ᠤᠨ ᠤᠰᠤᠨ ᠳᠤ | ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ ᠢᠨᠵᠧᠨᠧᠷᠢᠩ ᠪᠣᠯᠣᠨ ᠪᠠᠯᠭᠠᠷᠭᠤᠣᠯ ᠪᠠᠯᠭᠠᠰᠤᠨ ᠤ ᠪᠠᠷᠠᠭᠤᠨ ᠡᠮᠦᠨᠡᠬᠢ | ᠦᠶᠡᠷ ᠢ ᠰᠡᠷᠭᠡᠶᠢᠯᠡᠬᠦ ᠢᠨᠵᠧᠨᠧᠷᠢᠩ ᠤᠨ ᠤᠰᠤᠨ ᠳᠤ ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ ᠢᠨᠵᠧᠨᠧᠷᠢᠩ ᠢ | ᠪᠠᠶᠢᠭᠤᠯᠵᠤ ᠳᠠᠭᠤᠰᠬᠠᠨ᠂ ᠤᠯᠠᠭᠠᠨ ᠬᠠᠭᠠᠯᠭ᠎ᠠ ᠰᠤᠮᠤᠨ ᠤ ᠰᠢᠨᠡᠭᠤᠣᠯ ᠤᠨ ᠵᠢᠵᠢᠭ ᠰᠠᠪᠠ ᠭᠠᠵᠠᠷ ᠢ ᠵᠠᠰᠠᠬᠤ | ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠤᠢ ᠰᠢᠭᠤᠢ ᠶᠢᠨ ᠦᠢᠯᠡᠰ ᠤᠨ | ᠭᠤᠣᠯᠳᠠᠯᠭ᠎ᠠ ᠲᠠᠢ ᠵᠠᠰᠠᠨ ᠰᠡᠷᠭᠦᠭᠡᠬᠦ ᠢᠨᠵᠧᠨᠧᠷᠢᠩ ᠢ 2.5 ᠲᠦᠮᠡᠨ ᠮᠦ ᠨᠠᠶᠢᠳᠠᠪᠤᠷᠢᠵᠢᠭᠤᠯᠵᠤ᠂ ᠪᠤᠳᠠ ᠮᠣᠳᠣᠨ ᠤ | ᠪᠦᠷᠬᠦᠴᠡ ᠶᠢ 40% ᠠᠴᠠ ᠳᠡᠭᠡᠭᠰᠢ ᠪᠣᠯᠭᠠᠪᠠ᠃ ︽ᠪᠠᠷᠠᠭᠤᠨ ᠦᠵᠦᠮᠦᠴᠢᠨ ᠬᠤᠰᠢᠭᠤᠨ ᠤ ᠪᠡᠯᠴᠢᠭᠡᠷ ᠤᠨ | ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠵᠢᠴᠢ 20 | ᠵᠦᠢᠯ ᠤᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ | ᠪᠡᠯᠴᠢᠭᠡᠷᠯᠡᠬᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ | ᠪᠡᠯᠴᠢᠭᠡᠷᠯᠡᠬᠦᠯᠬᠦ ᠶᠢ ᠵᠣᠭᠰᠤᠭᠠᠬᠤ ᠨᠥᠬᠦᠪᠦᠷᠢ ᠶᠢᠨ ᠪᠡᠯᠡ ᠮᠥᠩᠭᠦ ᠶᠢ 2880 ᠲᠦᠮᠡᠨ ᠲᠥᠭᠦᠷᠢᠭ ᠲᠠᠷᠬᠠᠭᠠᠵᠤ᠂ | ᠲᠠᠷᠢᠮᠠᠯ ᠪᠡᠯᠴᠢᠭᠡᠷ ᠢ 2 ᠲᠦᠮᠡᠨ ᠮᠦ ᠲᠠᠷᠢᠪᠠ᠃ 19 ᠲᠦᠮᠡᠨ ᠮᠦ ᠨᠤᠲᠤᠭ ᠪᠡᠯᠴᠢᠭᠡᠷ ᠲᠤ ᠬᠤᠯᠤᠭᠠᠨ᠎ᠠ ᠶᠢᠨ | ᠬᠥᠨᠥᠭᠡᠯ ᠢ ᠰᠡᠷᠭᠡᠶᠢᠯᠡᠨ ᠵᠠᠰᠠᠵᠦ᠂ 550 ᠲᠦᠮᠡᠨ ᠮᠦ ᠨᠤᠲᠤᠭ ᠪᠡᠯᠴᠢᠭᠡᠷ ᠲᠤ ᠴᠠᠷᠴᠠᠬᠠᠢ ᠶᠢᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠪᠡ᠃ ᠭᠠᠳᠠᠨ᠎ᠠ ᠠᠴᠠ ᠮᠠᠯ ᠤᠷᠤᠭᠤᠯᠵᠦ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ ᠠᠮᠢᠲᠠᠨ ᠤ ᠬᠢᠵᠢᠭ ᠢ | ᠰᠡᠷᠭᠡᠶᠢᠯᠡᠬᠦ 9 ᠪᠠᠶᠢᠴᠠᠭᠠᠯᠲᠠ ᠶᠢᠨ ᠥᠷᠲᠡᠭᠡ ᠨᠢ ᠨᠡᠶᠢᠲᠡ 196 ᠮᠠᠰᠢᠨ ᠲᠡᠷᠭᠡ᠂ 3344 ᠮᠠᠯ ᠤᠨᠤᠭ᠎ᠠ ᠶᠢ | ᠢᠳᠬᠠᠨ ᠪᠤᠴᠠᠭᠠᠵᠠᠢ᠃ 6 ᠳ᠋ᠤᠭᠠᠷ ᠰᠠᠷ᠎ᠠ ᠳᠤ ᠪᠠᠶᠢᠭᠠᠯᠢ ᠶᠢᠨ ᠡᠪᠡᠰᠦᠲᠦ ᠭᠠᠵᠠᠷ ᠤᠨ ᠳᠤᠮᠳᠠᠴᠢ ᠪᠦᠷᠬᠦᠴᠡ 45. | 2%᠂ ᠳᠤᠮᠳᠠᠴᠢ ᠥᠨᠳᠥᠷ ᠤᠨ ᠬᠡᠮᠵᠢᠶ᠎ᠡ 11.7 ᠰᠠᠨᠲ᠋ᠢᠮᠧᠲᠷ ᠪᠠᠶᠢᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.2 ᠪᠠ 17 ᠵᠠᠭᠤᠨ ᠤ ᠨᠢᠭᠡᠴᠢ ᠳᠡᠭᠡᠭᠰᠢᠯᠡᠵᠡᠢ᠃ ᠡᠯᠡᠰᠦᠷᠬᠡᠭᠵᠢᠬᠦ ᠶᠢ | ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠤᠨ ᠦᠵᠦᠮᠦᠴᠢᠨ ᠤ ᠣᠷᠣᠨ ᠢ ᠵᠠᠰᠠᠬᠤ ᠲᠥᠷᠥᠯ ᠵᠦᠢᠯ ᠢ 9.4 ᠲᠦᠮᠡᠨ ᠮᠦ᠂ ᠥᠪᠥᠷ | ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠦᠷᠦᠯ | ᠵᠦᠢᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠯᠭᠠᠯᠳᠤᠭᠰᠠᠨ ᠣᠷᠣᠨ ᠤ ᠲᠥᠷᠥᠯ ᠵᠦᠢᠯ ᠢ 19.7 ᠲᠦᠮᠡᠨ | ᠮᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ 3 ᠲᠦᠮᠡᠨ ᠮᠦ ᠬᠡᠷᠡᠭᠵᠢᠭᠦᠯᠬᠦ ᠶᠢ ᠲᠦᠯᠬᠢᠨ | ᠠᠬᠢᠭᠤᠯᠪᠠ᠃ | —— ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠲᠦᠯᠬᠢᠨ | ᠠᠬᠢᠭᠤᠯᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 13 ᠵᠦᠢᠯ ᠤᠨ ᠠᠰᠠᠭᠤᠳᠠᠯ ᠤᠨ 8 ᠵᠦᠢᠯ ᠢ ᠰᠢᠢᠳᠪᠦᠷᠢᠯᠡᠵᠦ | ᠳᠠᠭᠤᠰᠬᠠᠨ᠂ 2 ᠵᠦᠢᠯ ᠤᠨ ᠠᠰᠠᠭᠤᠳᠠᠯ ᠤᠨ ᠰᠢᠢᠳᠪᠦᠷᠢᠯᠡᠬᠦ ᠨᠥᠬᠦᠴᠡᠯ ᠢ ᠪᠦᠷᠢᠳᠦᠭᠦᠯᠵᠦ᠂ ᠦᠯᠡᠳᠡᠭᠰᠡᠨ 3 | ᠵᠦᠢᠯ ᠤᠨ ᠠᠰᠠᠭᠤᠳᠠᠯ ᠢ ᠴᠠᠭ ᠤᠨ ᠳᠠᠷᠠᠭᠠᠯᠠᠯ ᠢᠶᠠᠷ ᠰᠢᠢᠳᠪᠦᠷᠢᠯᠡᠬᠦ ᠠᠬᠢᠴᠠ ᠳᠤ ᠬᠦᠷᠭᠡᠪᠡ᠃ ᠬᠦᠯᠢᠶᠡᠨ | ᠠᠪᠤᠭᠰᠠᠨ 19 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠦᠬᠦᠨ ᠢ ᠳᠡᠭᠡᠭᠰᠢ ᠮᠡᠳᠡᠭᠦᠯᠦᠨ ᠰᠢᠢᠳᠪᠦᠷᠢᠯᠡᠵᠦ | ᠳᠠᠭᠤᠰᠬᠠᠪᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠴᠠᠭ ᠪᠦᠷᠢ 65 ᠲᠣᠨ ᠠᠴᠠ | ᠳᠡᠭᠡᠭᠰᠢ ᠨᠡᠭᠦᠷᠡᠰᠦ ᠰᠢᠲᠠᠭᠠᠬᠤ ᠭᠦᠸᠧᠯᠦ ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ | ᠬᠡᠷᠡᠭᠵᠢᠬᠦᠯᠵᠦ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ ᠠᠵᠤ ᠠᠬᠤᠶᠢᠯᠠᠯ ᠢ ᠵᠢᠭᠰᠠᠭᠠᠨ | ᠪᠠᠶᠢᠴᠠᠭᠠᠬᠤ ᠪᠠ ᠲᠠᠷᠠᠬᠠᠢ ᠪᠤᠲᠠᠷᠬᠠᠢ ᠠᠭᠤᠷᠬᠠᠢ ᠶᠢ ᠵᠠᠰᠠᠬᠤ ᠠᠵᠢᠯ ᠢ ᠪᠠᠶᠢᠩᠭᠤ ᠥᠷᠨᠢᠭᠦᠯᠪᠡ᠃ 1—6 | ᠰᠠᠷ᠎ᠠ ᠳᠤ᠂ ᠮᠠᠨ ᠤ ᠬᠤᠰᠢᠭᠤᠨ ᠤ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 97.8% ᠳᠤ ᠬᠦᠷᠴᠦ᠂ | ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠪᠥᠬᠦ | ᠣᠷᠣᠨ ᠤ ᠭᠤᠷᠪᠠᠳᠤᠭᠠᠷ ᠲᠤ ᠣᠷᠣᠪᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠬᠢᠷ ᠤᠰᠤ | ᠰᠢᠢᠳᠪᠦᠷᠢᠯᠡᠬᠦ 2 ᠦᠢᠯᠡᠳᠪᠦᠷᠢ ᠶᠢ ᠪᠠᠷᠢᠮᠵᠢᠶ᠎ᠠ ᠳᠤ ᠬᠦᠷᠦᠭᠦᠯᠦᠨ ᠤᠰᠤ ᠭᠠᠳᠠᠭᠰᠢᠯᠠᠭᠤᠯᠵᠤ᠂ ᠬᠤᠲᠠ | ᠪᠠᠯᠭᠠᠰᠤᠨ ᠤ ᠲᠥᠪᠯᠡᠷᠡᠩᠭᠦᠢ ᠮᠠᠶ᠋ᠢᠭ ᠤᠨ 1 ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ | ᠴᠢᠨᠠᠷ ᠢ ᠲᠣᠭᠲᠠᠭᠤᠨ ᠪᠠᠶᠢᠯᠭᠠᠵᠤ᠂ ᠰᠤᠮᠤ ᠪᠠᠯᠭᠠᠰᠤ᠂ ᠭᠠᠴᠠᠭᠠᠨ ᠠᠴᠠ ᠪᠠᠶᠢᠴᠠᠭᠠᠨ ᠢᠯᠡᠷᠡᠭᠦᠯᠦᠭᠰᠡᠨ | ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ 6 ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠬᠥᠷᠥᠰᠥ | ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠦ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ | ᠠᠶᠤᠯᠲᠠᠢ ᠬᠠᠶᠠᠭᠳᠠᠮᠠᠯ ᠪᠣᠳᠠᠰ ᠢ 12 ᠤᠳᠠᠭ᠎ᠠ ᠪᠠᠶᠢᠴᠠᠭᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ 3 | ᠨᠢᠭᠡᠴᠡ ᠶᠢ ᠱᠠᠭᠠᠷᠳᠠᠨ᠂ ᠬᠥᠷᠥᠰᠥ ᠰᠢᠷᠣᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 28 | ᠲᠣᠨ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ | ᠭᠦᠨᠵᠡᠭᠡᠶᠢᠷᠡᠨ 5 ᠦᠯᠡᠳᠡᠭᠳᠡᠯ ᠬᠦᠳᠡᠷ ᠤᠨ ᠬᠥᠮᠥᠷᠭᠡ ᠶᠢ ᠵᠢᠭᠰᠠᠭᠠᠨ ᠪᠠᠶᠢᠴᠠᠭᠠᠪᠠ᠃ ᠣᠶᠤᠨᠲᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠵᠦ᠂ 17 ᠭᠤᠣᠯᠳᠠᠯᠭ᠎ᠠ ᠲᠠᠢ ᠠᠵᠤ | ᠠᠬᠤᠶᠢᠯᠠᠯ ᠳᠤ ᠬᠢᠨᠠᠨ ᠡᠵᠡᠮᠳᠡᠬᠦ ᠲᠥᠷᠥᠯ ᠵᠦᠢᠯ ᠢ ᠪᠠᠶᠢᠭᠤᠯᠪᠠ᠃ | ︵ᠳᠥᠷᠪᠡ︶ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ | —— ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ | ᠵᠢᠯ ᠤᠨ ᠡᠬᠢᠨ ᠤ ᠠᠩᠬᠠᠳᠤᠭᠠᠷ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠪᠡᠭᠡᠵᠢᠩ᠂ ᠲᠢᠶᠠᠨᠵᠢᠨ᠂ ᠵᠢᠶᠠᠩᠰᠤ᠂ ᠹᠦᠵᠢᠶᠠᠨ᠂ ᠵᠧᠵᠢᠶᠠᠩ᠂ ᠯᠢᠶᠣᠤᠨᠢᠩ ᠵᠡᠷᠭᠡ ᠣᠯᠠᠨ ᠭᠠᠵᠠᠷ ᠲᠤ ᠲᠤᠰᠬᠠᠢ | ᠲᠠᠯᠠᠪᠤᠷ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ | ᠲᠥᠷᠥᠯ ᠵᠦᠢᠯ ᠤᠨ ᠪᠠᠶᠢᠴᠠᠭᠠᠯᠲᠠ ᠶᠢ ᠨᠡᠶᠢᠲᠡ 26 ᠤᠳᠠᠭ᠎ᠠ ᠥᠷᠨᠢᠭᠦᠯᠪᠡ᠃ ᠡᠭᠦᠨ ᠳᠤ ᠭᠤᠣᠯ ᠤᠳᠤᠷᠢᠳᠤᠯᠭ᠎ᠠ | ᠪᠦᠯᠬᠦᠮ ᠳᠠᠭᠠᠭᠤᠯᠤᠨ 4 ᠤᠳᠠᠭ᠎ᠠ ᠬᠤᠳᠠᠯᠳᠤᠭᠠᠴᠢᠨ ᠤᠷᠢᠵᠤ᠂ 62 ᠲᠥᠷᠥᠯ ᠵᠦᠢᠯ ᠢ ᠬᠡᠯᠡᠯᠴᠡᠵᠦ᠂ 14 | ᠲᠥᠷᠥᠯ ᠵᠦᠢᠯ ᠲᠠᠢ ᠭᠡᠷ᠎ᠡ ᠲᠣᠭᠲᠠᠵᠤ᠂ 4 ᠲᠥᠷᠥᠯ ᠵᠦᠢᠯ ᠢ ᠨᠠᠶᠢᠳᠠᠪᠤᠷᠢᠵᠢᠭᠤᠯᠤᠨ᠂ 5 ᠲᠥᠷᠥᠯ ᠵᠦᠢᠯ ᠢ | ᠠᠵᠢᠯ ᠡᠬᠢᠯᠡᠭᠦᠯᠵᠦ᠂ ᠣᠷᠣᠨ ᠤ ᠭᠠᠳᠠᠨᠠᠬᠢ 42.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ | ᠠᠪᠴᠢᠷᠠᠵᠤ᠂ ᠣᠨ ᠤ ᠡᠭᠦᠷᠭᠡ ᠶᠢᠨ 69.6% ᠶᠢ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠤᠷᠤᠪᠠ᠃ | | ——ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠪᠠᠷᠠᠭᠤᠨ | ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ | ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 48 ᠵᠦᠢᠯ ᠤᠨ ᠠᠵᠢᠯ ᠤᠨ ᠡᠭᠦᠷᠭᠡ᠂ 91 ᠵᠦᠢᠯ ᠤᠨ | ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ 8 ᠵᠦᠢᠯ ᠤᠨ ᠠᠵᠢᠯ ᠤᠨ ᠡᠭᠦᠷᠭᠡ᠂ 11 ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠪᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ | ᠨᠢᠭᠡᠳᠦᠯᠲᠡᠢ ᠬᠠᠮᠢᠶᠠᠷᠬᠤ︾ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠶᠡᠯᠡᠯ ᠤᠨ | ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠨ᠂ 12345 ᠤᠲᠠᠰᠤᠨ ᠳᠤ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ 1—6 ᠰᠠᠷ᠎ᠠ ᠳᠤ ᠨᠡᠶᠢᠲᠡ 2498 ᠬᠤᠪᠢ ᠠᠰᠠᠭᠤᠳᠠᠯ ᠢ | ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.47%᠂ ᠰᠢᠢᠳᠪᠦᠷᠢᠯᠡᠭᠰᠡᠨ ᠨᠣᠷᠮ᠎ᠠ 99. | 95%᠂ ᠬᠠᠨᠤᠮᠵᠢ ᠶᠢᠨ ᠨᠣᠷᠮ᠎ᠠ 99.95% ᠳᠤ ᠬᠥᠷᠪᠡ᠃ ︽ᠶᠠᠪᠤᠳᠠᠯ ᠪᠦᠬᠦᠨ ᠢ ᠥᠨᠳᠥᠷ ᠪᠦᠲᠦᠮᠵᠢᠲᠡᠶ | ᠪᠦᠲᠦᠭᠡᠬᠦ︾ ᠪᠠᠷ 13 ᠭᠤᠣᠯᠳᠠᠯᠭ᠎ᠠ ᠲᠠᠢ ᠳᠦᠷᠦᠯ ᠵᠦᠢᠯ ᠢ ᠪᠦᠬᠦᠨ ᠢ ᠰᠦᠯᠵᠢᠶᠡᠨ ᠳᠤ ᠣᠷᠣᠭᠤᠯᠤᠨ ᠲᠤᠷᠰᠢᠨ | ᠠᠵᠢᠯᠯᠠᠭᠤᠯᠵᠤ᠂ ᠨᠡᠶᠢᠲᠡ 2256 ᠵᠦᠢᠯ ᠢ ᠭᠦᠢᠴᠡᠳᠬᠡᠪᠡ᠃ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ 80 ᠲᠥᠷᠥᠯ ᠵᠦᠢᠯ ᠢ ᠬᠠᠪᠰᠤᠷᠤᠨ ᠡᠷᠭᠢᠯᠡᠵᠦ᠂ 1.5 | ᠲᠦᠮᠡ ᠭᠠᠷᠤᠢ ᠵᠦᠢᠯ ᠢ ᠭᠦᠢᠴᠡᠳᠬᠡᠪᠡ᠃ ᠲᠤᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠶᠢ | ᠰᠢᠨ᠎ᠡ ᠶᠢ ᠡᠭᠦᠳᠦᠨ ᠭᠠᠷᠭᠠᠵᠤ᠂ ᠰᠤᠷᠪᠤᠯᠵᠢᠯᠠᠭᠰᠠᠨ ᠶᠡᠷᠦᠩᠬᠡᠢ ᠬᠡᠮᠵᠢᠶ᠎ᠡ ᠨᠢ 1 ᠲᠦᠮᠡ ᠭᠠᠷᠤᠢ ᠬᠥᠮᠥᠨ | ᠤᠳᠠᠭ᠎ᠠ ᠳᠤ ᠬᠦᠷᠪᠡ᠃ | —— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠪᠠ᠃ ᠨᠠᠮ ᠪᠠ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 4 ᠰᠠᠯᠠᠭ᠎ᠠ ᠮᠥᠴᠢᠷ | ᠨᠢᠭᠡᠴᠡ ᠶᠢ ᠫᠠᠶᠢᠰᠠ ᠡᠯᠭᠦᠨ ᠪᠠᠶᠢᠭᠤᠯᠪᠠ᠃ ᠳᠡᠭᠡᠳᠦ ᠱᠠᠲᠤᠨ ᠤ ᠪᠠᠭᠤᠯᠭᠠᠭᠰᠠᠨ ᠠᠵᠤ ᠠᠬᠤᠢ ᠶᠢᠨ ᠪᠠᠶᠢᠭᠤᠯᠤᠯ | ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ 46 ᠡᠭᠦᠷᠭᠡ ᠶᠢ ᠬᠦᠯᠢᠶᠡᠨ ᠠᠪᠴᠤ᠂ | ᠳᠡᠭᠡᠷ᠎ᠡ ᠬᠠᠭᠠᠰ ᠵᠢᠯ ᠳᠤ 14 ᠡᠭᠦᠷᠭᠡ ᠶᠢ ᠨᠠᠶᠢᠳᠠᠪᠤᠷᠢᠵᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ | ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠵᠦᠮᠦᠴᠢᠨ ᠴᠠᠭᠠᠨ | ᠦᠬᠡᠷ ᠤᠨ ᠰᠢᠨ᠎ᠡ ᠡᠭᠦᠯᠳᠡᠷ ᠢ ᠪᠣᠶᠢᠵᠢᠭᠤᠯᠬᠤ ᠪᠠ ᠥᠨᠳᠥᠷ ᠡᠭᠦᠯᠳᠡᠷ ᠲᠠᠢ ︵ᠣᠯᠠᠨ ᠬᠦᠪᠦᠷᠡᠯ ᠲᠠᠢ︶ | ᠦᠵᠦᠮᠦᠴᠢᠨ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ | ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠢᠳᠡᠪᠬᠢᠲᠡᠢ ᠪᠠᠶᠢᠭᠤᠯᠪᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ 3 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 8 | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 15 ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠶᠠᠨ ᠪᠠᠶᠢᠭᠤᠯᠤᠨ ᠦᠨᠡᠯᠡᠨ ᠲᠣᠭᠲᠠᠭᠠᠵᠤ᠂ 8 ᠠᠵᠤ | ᠠᠬᠤᠶᠢᠯᠠᠯ ᠳᠤ 218 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠪᠦᠷᠢ ᠶᠢᠨ ᠲᠤᠰᠬᠠᠢ | ᠪᠡᠯᠡ ᠮᠥᠩᠭᠦ ᠣᠯᠭᠤᠪᠠ᠃ | ︵ᠲᠠᠪᠤ︶ ᠰᠠᠭᠤᠷᠢ ᠳᠦᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠠᠰᠠᠮᠠᠯ ᠵᠠᠮ ᠤᠨ ᠭᠤᠣᠯ | ᠱᠤᠭᠤᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠤᠯᠤᠰ ᠤᠨ ᠵᠠᠮ ᠤᠨ | 207 ᠳ᠋ᠤᠭᠠᠷ ᠱᠤᠭᠤᠮ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠥᠬᠦ ᠱᠤᠭᠤᠮ ᠤᠨ ᠬᠠᠶᠢᠨ | ᠪᠠᠶᠢᠴᠠᠭᠠᠯᠲᠠ ᠵᠢᠴᠢ ᠰᠤᠳᠤᠯᠵᠤ ᠪᠣᠯᠬᠤᠶᠢᠴᠠ ᠠᠩᠬᠠᠨ ᠤ ᠨᠣᠣᠷᠠᠭ ᠢ ᠪᠡᠶᠡᠯᠡᠭᠦᠯᠵᠦ᠂ ᠤᠯᠤᠰ ᠤᠨ ᠵᠠᠮ ᠤᠨ 305 | ᠳ᠋ᠤᠭᠠᠷ ᠱᠤᠭᠤᠮ ᠤᠨ ᠬᠦᠨᠳᠡᠯᠡᠨ ᠠᠴᠠ ᠪᠠᠶᠠᠨᠬᠤᠸᠠ ᠬᠦᠷᠬᠦ ᠬᠡᠰᠡᠭ ᠵᠠᠰᠠᠮᠠᠯ ᠵᠠᠮ ᠤᠨ ᠨᠤᠲᠤᠭ ᠪᠡᠯᠴᠢᠭᠡᠷ ᠬᠡᠷᠡᠭᠯᠡᠬᠦ | ᠵᠠᠰᠠᠭ ᠵᠠᠬᠢᠷᠭᠠᠨ ᠤ ᠵᠥᠪᠰᠢᠶᠡᠷᠡᠯ ᠢ ᠣᠯᠪᠠ᠃ ᠴᠠᠬᠢᠯᠭᠠᠨ ᠬᠦᠴᠦᠨ ᠤ ᠰᠢᠰᠲ᠋ᠧᠮ ᠢ ᠭᠠᠳᠠᠭᠰᠢ ᠳᠠᠮᠵᠢᠭᠤᠯᠬᠤ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠰᠦ᠋ ᠨᠧᠩ ᠤᠨ ᠤᠯᠠᠭᠠᠢ ᠴᠠᠬᠢᠯᠭᠠᠨ ᠤ ᠦᠢᠯᠡᠳᠪᠦᠷᠢ ᠶᠢᠨ 500 | ᠺᠢᠯᠤᠸᠤᠯᠲ ᠢ ᠳᠠᠮᠵᠢᠭᠤᠯᠬᠤ ᠢᠨᠵᠧᠨᠧᠷᠢᠩ᠂ ᠪᠠᠶᠠᠨᠬᠤᠸᠠ ᠶᠢᠨ ᠱᠠᠨ ᠴᠠᠬᠢᠯᠭᠠᠨ ᠤ ᠦᠢᠯᠡᠳᠪᠦᠷᠢ ᠶᠢᠨ 500 | ᠺᠢᠯᠤᠸᠤᠯᠲ ᠢ ᠳᠠᠮᠵᠢᠭᠤᠯᠬᠤ ᠢᠨᠵᠧᠨᠧᠷᠢᠩ ᠤᠨ ᠠᠬᠢᠴᠠ ᠤᠷᠤᠭᠰᠢᠲᠠᠢ ᠪᠣᠯᠪᠠ᠃ ᠬᠦᠷᠢᠶᠡᠯᠡᠩ ᠲᠣᠭᠤᠷᠢᠭ ᠤᠨ | ᠰᠠᠭᠤᠷᠢ ᠳᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠠᠨᠬᠤᠸᠠ ᠬᠦᠩᠭᠡᠨᠴᠠᠭᠠᠨ ᠤ ᠰᠠᠭᠤᠷᠢ ᠰᠢᠨ᠎ᠡ | ᠮᠠᠲ᠋ᠧᠷᠢᠶᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ︵ᠨᠢᠭᠡᠳᠦᠭᠡᠷ ᠬᠤᠭᠤᠴᠠᠭ᠎ᠠ︶᠂ ᠣᠨᠴᠠ ᠦᠢᠯᠡᠴᠢᠯᠡᠭᠡᠨ ᠤ | ᠭᠠᠯ ᠤᠨᠲᠠᠷᠠᠭᠠᠬᠤ ᠥᠷᠲᠡᠭᠡ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ᠂ ᠠᠶᠤᠯᠲᠠᠢ ᠬᠢᠮᠢ ᠶᠢᠨ ᠡᠳ᠋ | ᠲᠡᠭᠡᠭᠡᠪᠦᠷᠢᠯᠡᠬᠦ ᠲᠡᠷᠭᠡ ᠬᠥᠰᠬᠡ ᠶᠢᠨ ᠲᠤᠰᠬᠠᠢ ᠲᠡᠷᠭᠡᠨ ᠵᠣᠭᠰᠣᠭᠠᠯ ᠵᠡᠷᠭᠡ ᠢᠨᠵᠧᠨᠧᠷᠢᠩ ᠤᠨ ᠲᠥᠷᠥᠯ ᠵᠦᠢᠯ ᠢ | ᠶᠠᠭ ᠱᠠᠯᠠᠪᠳᠠᠨ ᠪᠠᠶᠢᠭᠤᠯᠵᠤ ᠪᠤᠢ᠃ ᠵᠢᠷᠤᠵᠤ ᠲᠥᠯᠥᠪᠯᠡᠭᠰᠡᠨ 5 ᠵᠤᠷᠪᠤᠰ ᠰᠢᠨ᠎ᠡ ᠪᠠᠷ ᠪᠠᠶᠢᠭᠤᠯᠬᠤ ᠵᠠᠮ ᠵᠢᠴᠢ | ᠢᠵᠢ ᠪᠦᠷᠢᠳᠦᠭᠰᠡᠨ ᠬᠤᠭᠤᠯᠠᠢ ᠶᠢᠨ ᠲᠣᠣᠷ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ | ᠠᠬᠢᠴᠠ ᠲᠠᠢ ᠪᠣᠯᠪᠠ᠃ ᠣᠲᠣ ᠦᠶ᠎ᠡ ᠶᠢᠨ ᠵᠠᠮ ᠲᠡᠭᠡᠭᠡᠪᠦᠷᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠪᠠᠯᠭᠠᠷ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠬᠦ ᠵᠥᠪᠰᠢᠶᠡᠷᠡᠯ ᠣᠯᠵᠤ᠂ 8 ᠰᠠᠷ᠎ᠠ ᠳᠤ ᠠᠩᠬᠠᠨ ᠤ ᠨᠢᠰᠦᠯᠲᠡ | ᠬᠢᠬᠦ ᠪᠠᠷ ᠲᠥᠯᠥᠪᠯᠡᠵᠦ ᠪᠣᠶ᠃ ᠪᠠᠶᠠᠨᠬᠤᠸᠠ ᠠᠴᠠ ᠬᠤᠤᠯᠢᠨᠭᠤᠤᠯ ᠭᠤᠣᠯ ᠬᠦᠷᠬᠦ ᠬᠤᠲᠠ ᠶᠢᠨ ᠬᠤᠭᠤᠷᠣᠨᠳᠣᠬᠢ | ᠨᠡᠶᠢᠲᠡ ᠶᠢᠨ ᠮᠠᠰᠢᠨ ᠲᠡᠷᠭᠡ ᠨᠡᠪᠲᠡᠷᠡᠪᠡ᠃ ᠮᠡᠳᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ 5G ᠶᠢᠨ ᠰᠠᠭᠤᠷᠢ ᠥᠷᠲᠡᠭᠡ ᠶᠢ ᠨᠡᠶᠢᠲᠡ 21 ᠪᠠᠶᠢᠭᠤᠯᠪᠠ᠃ | ︵ᠵᠢᠷᠭᠤᠭ᠎ᠠ︶ ᠬᠤᠳᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ | —— ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃ | ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠢ 22.5 ᠲᠦᠮᠡᠨ ᠲᠥᠭᠦᠷᠢᠭ ᠣᠷᠣᠯᠠᠨ ᠲᠤᠰᠢᠶᠠᠵᠤ᠂ ︽ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ | ︾ ᠤᠨ ᠪᠡᠯᠡ ᠮᠥᠩᠭᠦ ᠶᠢ 50 ᠲᠦᠮᠡᠨ ᠲᠥᠭᠦᠷᠢᠭ ᠣᠷᠣᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠲᠠᠢ | ᠬᠠᠷᠢᠯᠴᠠᠨ᠂ ᠶᠠᠳᠠᠭᠤ ᠠᠴᠠ ᠠᠩᠭᠢᠵᠢᠷᠠᠭᠤᠯᠤᠭᠰᠠᠨ 263 ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠶᠢ 1294 | ᠲᠦᠮᠡᠨ ᠲᠥᠭᠦᠷᠢᠭ ᠲᠠᠷᠬᠠᠭᠠᠵᠤ᠂ ︽ᠬᠤᠷ᠎ᠠ ᠪᠣᠷᠣᠭᠠᠨ ᠤ ᠲᠥᠯᠥᠪᠯᠡᠭᠡ︾ ᠶᠢᠨ ᠨᠥᠬᠦᠪᠦᠷᠢ ᠶᠢ 13 ᠬᠥᠮᠥᠨ ᠳᠤ | 1.95 ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ 30 ᠬᠥᠳᠡᠯᠮᠦᠷᠢ ᠬᠦᠴᠦᠨ ᠢ | ᠲᠣᠬᠢᠷᠠᠭᠤᠯᠪᠠ᠃ 4188 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠮᠠᠯᠵᠢᠬᠤ ᠣᠷᠣᠨ ᠤ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ 1 ᠴᠡᠭᠡ ᠡᠳ᠋ᠰᠢᠭᠦᠯᠬᠦ ᠦᠢᠯᠡᠳᠪᠦᠷᠢ ᠵᠢᠴᠢ ᠮᠠᠯᠵᠢᠬᠤ | ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ 8 | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ᠂ 3 ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠮᠠᠯᠵᠢᠬᠤ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠤᠰᠤ ᠲᠠᠲᠠᠵᠤ ᠡᠷᠦᠬᠡ ᠳᠤ ᠣᠷᠣᠭᠤᠯᠬᠤ ᠢᠨᠵᠧᠨᠧᠷᠢᠩ ᠢ 66 ᠭᠠᠵᠠᠷ ᠲᠤ | ᠬᠡᠷᠡᠭᠵᠢᠭᠦᠯᠵᠦ᠂ 97 ᠤᠰᠤᠨ ᠬᠤᠳᠳᠤᠭ ᠢ ᠪᠦᠲᠦᠭᠡᠨ ᠪᠠᠶᠢᠭᠤᠯᠪᠠ᠃ 300 ᠮᠠᠯᠵᠢᠬᠤ ᠡᠷᠦᠬᠡ ᠳᠤ ᠰᠢᠨ᠎ᠡ ᠪᠠᠷ | ᠴᠠᠬᠢᠯᠭᠠᠨ ᠨᠡᠪᠲᠡᠷᠡᠬᠦᠯᠵᠦ᠂ 130 ᠡᠷᠦᠬᠡ ᠶᠢᠨ ᠴᠠᠬᠢᠯᠭᠠᠨ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ | 75 ᠡᠷᠦᠬᠡ ᠳᠤ ᠶᠡᠭᠡ ᠴᠢᠳᠠᠮᠵᠢ ᠲᠠᠢ ᠰᠠᠯᠬᠢ ᠭᠡᠷᠡᠯ ᠢ ᠬᠠᠷᠢᠯᠴᠠᠨ ᠨᠥᠬᠦᠪᠦᠷᠢᠯᠡᠬᠦ ᠲᠥᠷᠥᠯ ᠵᠦᠢᠯ ᠢ | ᠨᠠᠶᠢᠳᠠᠪᠤᠷᠢᠵᠢᠭᠤᠯᠪᠠ᠃ 8 ᠵᠤᠷᠪᠤᠰ 84.9 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠪᠠᠷᠢᠯᠭ᠎ᠠ | ᠡᠬᠢᠯᠡᠭᠦᠯᠦᠨ ᠪᠦᠲᠦᠭᠡᠨ ᠪᠠᠶᠢᠭᠤᠯᠪᠠ᠃ ᠮᠠᠯᠵᠢᠬᠤ ᠣᠷᠣᠨ ᠤ 2 ᠡᠷᠥᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠪᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ 50 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ | ᠣᠷᠣᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠴᠢᠭ 11᠂ ᠰᠤᠮᠤ ᠪᠠᠯᠭᠠᠰᠤᠨ ᠳᠤ | ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 5 ᠶᠢ ᠪᠠᠶᠢᠭᠤᠯᠵᠤ᠂ 5480 ᠲᠣᠨ ᠠᠮᠢᠳᠤᠷᠠᠯ ᠤᠨ | ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠩᠭᠢ ᠶᠢ 88 | ᠵᠣᠬᠢᠶᠠᠨ ᠪᠠᠶᠢᠭᠤᠯᠵᠤ᠂ ᠦᠢᠯᠡᠴᠢᠯᠡᠭᠡᠨ ᠢ 7335 ᠤᠳᠠᠭ᠎ᠠ ᠥᠷᠨᠢᠭᠦᠯᠪᠡ᠃ ᠪᠠᠶ᠋ᠬᠠᠷᠬᠡᠳᠤ᠂ ᠪᠠᠶᠠᠨᠬᠦ᠋ᠪᠡᠭᠡ᠂ | ᠵᠢᠷ ᠤᠨ ᠭᠤᠣᠯ ᠵᠡᠷᠭᠡ 3 ᠭᠠᠴᠠᠭ᠎ᠠ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭᠠᠨ ᠤ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠪᠡ᠃ | —— ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠪᠠ᠃ ︽ | ᠲᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠤᠯᠠᠭᠠᠯᠠᠭ᠎ᠠ ᠬᠠᠩᠭᠠᠬᠤ | ᠬᠤᠭᠤᠯᠠᠢ ᠶᠢᠨ ᠲᠣᠣᠷ ᠢ 20.2 ᠺᠢᠯᠣᠮᠧᠲᠷ ᠵᠠᠰᠠᠬᠤ ᠪᠠᠷ ᠲᠥᠯᠥᠪᠯᠡᠵᠦ᠂ ᠨᠢᠭᠡᠨᠳᠡ 8.2 ᠺᠢᠯᠣᠮᠧᠲᠷ ᠢ | ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠪᠠᠯᠠᠭᠠᠷᠭᠤᠯ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ | ᠳᠦᠬᠦᠭᠡᠷᠦᠮᠵᠢ ᠶᠢ ᠲᠠᠰ ᠳᠡᠪᠰᠢᠭᠦᠯᠵᠦ᠂ ᠵᠡᠭᠡᠯᠢ ᠭᠤᠳᠤᠮᠵᠢ ᠶᠢᠨ ᠭᠠᠳᠠᠷ ᠲᠠᠯ᠎ᠠ ᠵᠢᠴᠢ ᠬᠤᠭᠤᠯᠠᠢ ᠶᠢᠨ ᠲᠣᠣᠷ ᠢ | ᠥᠭᠡᠷᠡᠴᠢᠯᠡᠬᠦ᠂ ᠬᠤᠶᠠᠷ ᠢ ᠬᠦᠷᠢᠶᠡᠯᠡᠬᠦ ᠠᠭᠤᠳᠠᠮ ᠲᠠᠯᠠᠪᠠᠶ ᠶᠢᠨ ᠲᠡᠷᠭᠡᠨ ᠵᠣᠭᠰᠣᠭᠠᠯ ᠵᠡᠷᠭᠡ 7 ᠵᠦᠢᠯ ᠤᠨ | ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 1.6 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ ᠭᠠᠳᠠᠷ | ᠲᠠᠯ᠎ᠠ ᠶᠢ ᠵᠠᠰᠠᠵᠦ᠂ 1.5 ᠺᠢᠯᠣᠮᠧᠲᠷ ᠡᠯ᠎ᠡ ᠲᠥᠷᠥᠯ ᠤᠨ ᠬᠤᠭᠤᠯᠠᠢ ᠶᠢᠨ ᠲᠣᠣᠷ ᠢ ᠥᠭᠡᠷᠡᠴᠢᠯᠡᠨ᠂ 10 ᠲᠦᠮᠡᠨ | ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠤᠨ ᠠᠷᠠᠴᠢᠯᠠᠨ ᠬᠠᠮᠠᠭᠠᠯᠠᠵᠤ᠂ 4500 ᠲᠡᠭᠰᠢ ᠳᠥᠷᠪᠡᠯᠵᠢᠨ | ᠮᠧᠲᠷ ᠤᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 245 ᠵᠠᠮ ᠤᠨ ᠳ᠋ᠧᠩ ᠢ ᠰᠣᠯᠢᠪᠠ᠃ ᠬᠤᠲᠠ ᠶᠢᠨ | ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠢ ᠾᠧ ᠸᠠᠨ ᠬᠤᠳᠠᠯᠳᠤᠭᠠᠨ ᠤ ᠶᠡᠷᠦᠩᠬᠡᠶᠢᠯᠡᠭᠰᠡᠨ ᠠᠰᠠᠷ | ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ᠂ ᠪᠠᠯᠭᠠᠷ ᠭᠤᠣᠯ ᠤᠨ ᠭᠤᠣᠯ ᠳᠠᠭᠠᠤ ᠶᠢᠨ | ᠦᠵᠡᠮᠵᠢ ᠶᠢᠨ ᠤᠷᠤᠨ ᠤ ︵ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ︶ ᠲᠥᠷᠥᠯ ᠵᠦᠢᠯ ᠶᠠᠭ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠵᠦ ᠪᠣᠶ᠃ 2024 ᠣᠨ ᠤ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠬᠦᠯᠵᠦ᠂ 15 ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ 24 ᠰᠠᠭᠤᠷᠢ ᠠᠰᠠᠷ ᠤᠨ 5.9 ᠲᠦᠮᠡᠨ ᠲᠡᠭᠰᠢ ᠳᠥᠷᠪᠡᠯᠵᠢᠨ ᠮᠧᠲᠷ ᠲᠤ | ᠬᠤᠯᠪᠣᠭᠳᠠᠵᠤ᠂ ᠳᠡᠭᠡᠷ᠎ᠡ ᠬᠠᠭᠠᠰ ᠵᠢᠯ ᠳᠤ ᠪᠥᠬᠦ ᠪᠠᠷᠢᠯᠭ᠎ᠠ ᠶᠢᠨ ᠬᠡᠮᠵᠢᠶ᠎ᠡ ᠶᠢᠨ 50% ᠠᠴᠠ ᠳᠡᠭᠡᠭᠰᠢᠬᠢ ᠶᠢ | ᠪᠡᠶᠡᠯᠡᠭᠦᠯᠪᠡ᠃ ᠪᠠᠯᠭᠠᠷᠭᠤᠣᠯ ᠪᠠᠯᠭᠠᠰᠤᠨ ᠤ ᠭᠤᠣᠯᠳᠠᠯᠭ᠎ᠠ ᠲᠠᠢ ᠳᠤᠭᠤᠷᠢᠭ ᠢ ᠲᠠᠲᠠᠪᠤᠷᠢᠯᠠᠬᠤ ᠠᠵᠢᠯ ᠢ ᠠᠬᠢᠭᠤᠯᠵᠤ | ᠂ 16 ᠡᠷᠦᠭᠡ ᠲᠠᠢ ᠲᠠᠲᠠᠪᠤᠷᠢᠯᠠᠬᠤ ᠨᠥᠬᠦᠪᠦᠷᠢ ᠶᠢᠨ ᠬᠡᠯᠡᠯᠴᠡᠭᠡᠷ ᠲᠣᠭᠲᠠᠵᠤ᠂ 271 ᠡᠷᠦᠭᠡ ᠶᠢᠨ ᠭᠡᠷ | ᠪᠠᠶᠢᠰᠢᠩ ᠢ ᠨᠤᠷᠠᠭᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ 9 | ᠳᠦᠷᠦᠯ ᠵᠦᠢᠯ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ | ︽ᠭᠡᠷ ᠪᠠᠶᠢᠰᠢᠩ ᠢᠶᠠᠨ ᠬᠤᠳᠠᠯᠳᠤᠪᠠᠯ ᠳᠠᠷᠤᠢ ᠦᠨᠡᠮᠯᠡᠯ ᠢᠶᠠᠨ ᠥᠭᠬᠦ︾ 118 ᠵᠦᠢᠯ ᠢ ᠪᠡᠶᠡᠯᠡᠭᠦᠯᠵᠦ᠂ ᠤᠯᠠᠨ | ᠲᠦᠮᠡᠨ ᠤ ᠲᠤᠰᠬᠠᠯ ᠶᠡᠬᠡᠲᠡᠢ ᠨᠢᠭᠡ ᠪᠦᠯᠦᠭ ︽ᠦᠨᠡᠮᠯᠡᠯ ᠠᠪᠬᠤ ᠳᠤ ᠬᠦᠴᠢᠷᠲᠡᠢ᠂ ᠨᠤᠷᠠᠭᠠᠵᠤ ᠨᠡᠭᠦᠯᠭᠡᠬᠦ ᠳᠤ | ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ | ᠪᠠᠯᠭᠠᠷᠭᠤᠣᠯ ᠪᠠᠯᠭᠠᠰᠤ 2200 ᠭᠠᠷᠤᠢ ᠬᠥᠮᠥᠨ ᠤᠳᠠᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ᠂ 700 ᠭᠠᠷᠤᠢ | ᠮᠠᠰᠢᠨ ᠲᠡᠷᠭᠡ ᠶᠢ ᠬᠥᠳᠡᠯᠭᠡᠵᠦ᠂ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠤᠳᠠ ᠪᠠᠯᠭᠠᠰᠤᠨ ᠤ ᠦᠵᠡᠮᠵᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠪᠠ᠃ | ︵ᠲᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠪᠦᠬᠦ ᠲᠠᠯ᠎ᠠ ᠪᠠᠷ ᠳᠡᠭᠡᠭᠰᠢᠯᠡᠪᠡ | —— ᠠᠵᠢᠯ ᠣᠯᠭᠤᠬᠤ ᠠᠵᠢᠯ ᠤᠨ ᠲᠠᠯ᠎ᠠ ᠪᠠᠷ᠃ ᠠᠵᠢᠯ ᠣᠯᠭᠤᠯᠲᠠ ᠶᠢ ᠲᠤᠭᠳᠠᠭᠤᠨ ᠢᠶᠠᠷ ᠠᠬᠢᠭᠤᠯᠪᠠ | ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ 1491 ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ | 401ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠮᠠᠯᠵᠢᠬᠤ ᠣᠷᠣᠨ ᠤ 4127 ᠬᠤᠲᠠ | ᠤᠷᠤᠭᠰᠠᠳ ᠲᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 1.6% ᠳᠤ ᠬᠦᠷᠭᠡᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠠᠶᠢᠴᠢᠯᠠᠵᠦ᠂ | 37 ᠡᠷᠦᠬᠡ ᠳᠤ 833 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠲᠠᠯᠪᠢᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 14 ᠬᠤᠭᠤᠴᠠᠭ᠎ᠠ ᠡᠷᠭᠢᠯᠡᠵᠦ᠂ 483 | ᠬᠥᠮᠥᠨ ᠢ ᠪᠣᠯᠪᠠᠰᠤᠷᠠᠭᠤᠯᠵᠤ᠂ 178 ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ 33 ᠲᠦᠮᠡᠨ ᠲᠥᠭᠦᠷᠢᠭ ᠢ ᠣᠯᠭᠤᠪᠠ᠃ ᠬᠥᠯᠥᠰᠦᠨ | ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠬᠠᠤᠯᠢ ᠶᠣᠰᠣᠭᠠᠷ ᠪᠠᠲᠤᠯᠠᠵᠤ᠂ ᠴᠠᠯᠢᠩ | ᠦᠷᠢᠳᠦᠭᠰᠡᠨ 220 ᠵᠠᠭᠠᠯᠳᠤᠯᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 690 ᠬᠥᠳᠡᠯᠮᠦᠷᠢᠴᠢᠨ ᠤ | 823 ᠲᠦᠮᠡᠨ ᠲᠥᠭᠦᠷᠢᠭ ᠤᠨ ᠴᠠᠯᠢᠩ ᠲᠠᠢ ᠬᠤᠯᠪᠤᠭᠳᠠᠵᠤ᠂ 214 ᠬᠡᠷᠡᠭ ᠢ ᠨᠢᠭᠡᠨᠳᠡ ᠰᠢᠢᠳᠪᠦᠷᠢᠯᠡᠨ | ᠳᠠᠭᠤᠰᠬᠠᠵᠤ᠂ ᠦᠯᠡᠳᠡᠭᠰᠡᠨ 6 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃ | —— ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ | ᠬᠠᠷᠠᠭᠠᠯᠵᠠᠯ ᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠴᠦ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ | ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠨᠡᠶᠢᠳᠡ 2.15 ᠳ᠋ᠦᠩᠰᠢᠭᠤᠷ ᠲᠥᠭᠦᠷᠢᠭ | ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 1555 ᠬᠦᠴᠢᠷᠳᠡᠯᠲᠡᠢ | ᠣᠯᠠᠨ ᠲᠦᠮᠡᠨ ᠳᠤ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠤ ᠥᠭᠪᠡ᠃ ᠨᠡᠶᠢᠭᠡᠮ ᠤᠨ ᠠᠪᠤᠷᠠᠨ | ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳᠬᠡᠵᠦ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯᠲᠡᠢ | ᠬᠥᠮᠥᠰ ᠢ ᠠᠰᠠᠷᠠᠨ ᠲᠡᠵᠢᠭᠡᠬᠦ ᠪᠡᠯᠡ ᠮᠥᠩᠭᠦ ᠶᠢ ᠨᠡᠶᠢᠲᠡ 1016 ᠲᠦᠮᠡᠨ ᠲᠥᠭᠦᠷᠢᠭ ᠲᠠᠷᠬᠠᠭᠠᠪᠠ᠃ | ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ 42 ᠣᠨᠴᠠ | ᠬᠦᠴᠢᠷᠳᠡᠯ ᠲᠠᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠪᠦᠬᠦᠨ ᠢ | ᠪᠡᠶᠡᠯᠡᠭᠦᠯᠵᠦ᠂ 2 ᠰᠤᠮᠤ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠤᠨ ᠰᠢᠨ᠎ᠡ ᠪᠠᠷ ᠪᠠᠶᠢᠭᠤᠯᠬᠤ | ᠲᠥᠷᠥᠯ ᠵᠦᠢᠯ ᠪᠠ 4 ᠭᠠᠴᠠᠭᠠᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠠᠶ᠋ᠬᠠᠭᠤᠯᠠ ᠨᠠᠰᠤᠵᠢᠯ ᠤᠨ ᠬᠦᠷᠢᠶᠡᠯᠡᠩ | ᠲᠣᠭᠤᠷᠢᠭ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ10 ᠳ᠋ᠤᠭᠠᠷ ᠰᠠᠷ᠎ᠠ ᠳᠤ ᠳᠠᠭᠤᠰᠬᠠᠬᠤ ᠪᠠᠷ | ᠵᠢᠱᠢᠵᠦ ᠪᠣᠶ᠃ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ | 184 ᠲᠦᠮᠡᠨ ᠲᠥᠭᠦᠷᠢᠭ ᠤᠨ ᠠᠰᠠᠷᠠᠮᠵᠢ ᠶᠢᠨ ᠬᠠᠷᠠᠭᠠᠯᠵᠠᠯ ᠤᠨ ᠮᠥᠩᠭᠦ ᠶᠢ ᠴᠠᠭ ᠲᠤᠬᠠᠢ ᠳᠤᠨᠢ ᠲᠤᠭ᠎ᠠ | ᠶᠣᠰᠣᠭᠠᠷ ᠲᠠᠷᠬᠠᠭᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠭᠤᠣᠯ ᠴᠣᠭᠴᠠ ᠶᠢᠨ | ᠢᠨᠵᠧᠨᠧᠷᠢᠩ ᠢ ᠳᠠᠭᠤᠰᠬᠠᠪᠠ᠃ | —— ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠲᠦᠯᠬᠢᠨ ᠠᠬᠢᠭᠤᠯᠵᠤ᠂ ᠪᠥᠬᠦ | ᠬᠤᠰᠢᠭᠤᠨ ᠤ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠭᠤᠷᠪᠠᠨ ᠰᠤᠷᠭᠠᠭᠤᠯᠢ ᠳᠤ ᠵᠣᠬᠢᠴᠠᠬᠤ | ᠴᠢᠨᠠᠷᠲᠠᠢ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠤᠤᠯ ᠤᠨ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠶᠢᠨ ᠲᠠᠪᠤᠨ ᠬᠢᠴᠢᠶᠡᠯ ᠲᠥᠷᠥᠯ ᠤᠨ ᠲᠤᠰᠬᠠᠢ ᠪᠠᠭᠰᠢ ᠶᠢ ᠪᠦᠬᠦᠨ ᠢ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠳᠤ ᠤᠷᠤᠯᠴᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ | ᠪᠠᠭ᠎ᠠ ᠰᠤᠷᠭᠠᠭᠤᠯᠢ ᠶᠢᠨ 25 ᠨᠡᠷ᠎ᠡ ᠪᠠᠭᠰᠢ ᠶᠢ ᠢᠯᠡ ᠪᠠᠷ ᠤᠷᠢᠨ ᠬᠡᠷᠡᠭᠯᠡᠪᠡ᠃ ᠰᠤᠷᠭᠠᠭᠤᠯᠢ ᠡᠷᠭᠢᠯᠡᠬᠦ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠡᠷᠭᠡᠨ ᠵᠣᠭᠰᠣᠭᠠᠯ ᠢ | ᠪᠠᠶᠢᠭᠤᠯᠤᠨ ᠬᠡᠷᠡᠭᠯᠡᠵᠦ᠂ ᠬᠤᠭᠤᠯᠠᠳᠤ ᠶᠢᠨ ᠭᠤᠣᠯ ᠤᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ | ᠢᠨᠵᠧᠨᠧᠷᠢᠩ ᠢ ᠳᠠᠭᠤᠰᠬᠠᠨ᠂ ᠰᠢᠨ᠎ᠡ ᠪᠠᠷ ᠪᠠᠶᠢᠭᠤᠯᠬᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ | ᠲᠠᠯᠠᠪᠠᠶ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠪᠡ᠃ ᠵᠢᠭᠠᠨ | ᠰᠤᠷᠭᠠᠯᠲᠠ ᠶᠢᠨ ᠰᠤᠳᠤᠯᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ 3 ᠲᠤᠰᠬᠠᠢ ᠮᠡᠷᠭᠡᠵᠢᠯ ᠤᠨ ᠵᠢᠭᠠᠨ | ᠰᠤᠳᠤᠯᠤᠭᠴᠢ ᠶᠢ ᠢᠯᠡ ᠪᠠᠷ ᠰᠣᠩᠭᠤᠨ ᠳᠡᠪᠰᠢᠭᠦᠯᠵᠦ᠂ ᠪᠠᠭᠰᠢ ᠶᠢ ᠵᠣᠬᠢᠶᠠᠨ ᠪᠠᠶᠢᠭᠤᠯᠤᠨ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠳᠤ 1200 ᠭᠠᠷᠤᠢ ᠬᠥᠮᠥᠨ ᠤᠳᠠᠭ᠎ᠠ ᠣᠷᠣᠯᠴᠠᠭᠤᠯᠪᠠ᠃ ᠵᠢᠭᠠᠨ ᠰᠤᠷᠭᠠᠯᠲᠠ ᠶᠢᠨ | ᠦᠷ᠎ᠡ ᠪᠦᠲᠦᠭᠡᠯ ᠲᠣᠭᠲᠠᠭᠤᠨ ᠢᠶᠠᠷ ᠳᠡᠭᠡᠭᠰᠢᠯᠡᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠳᠤ 600 ᠬᠤᠪᠢ ᠶᠢ ᠳᠠᠪᠠᠭᠰᠠᠨ ᠰᠣᠷᠣᠭᠴᠢ ᠶᠢᠨ ᠲᠤᠭ᠎ᠠ | ᠪᠥᠬᠦ ᠠᠶᠢᠮᠠᠭ ᠲᠤ ᠬᠠᠮᠤᠭ ᠤᠨ ᠣᠯᠠᠨ ᠪᠠᠶᠢᠵᠤ᠂ ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠲᠤ | ᠳᠣᠯᠣᠳᠤᠭᠠᠷ ᠲᠤ ᠵᠢᠭᠰᠠᠭᠠᠭᠳᠠᠪᠠ᠃ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠤᠨ ᠲᠠᠪᠤᠳᠤᠭᠠᠷ ᠲᠤ | ᠵᠢᠭᠰᠠᠭᠠᠭᠳᠠᠵᠤ᠂ ᠲᠦᠷᠦᠭᠦᠸ ᠵᠢᠯ ᠤᠨ ᠬᠢ ᠠᠴᠠ 2 ᠪᠠᠶᠢᠷᠢ ᠤᠷᠤᠭᠰᠢᠯᠠᠵᠠᠢ᠃ ᠶᠡᠭᠡ ᠰᠤᠷᠭᠠᠭᠤᠯᠢ ᠳᠤ ᠳᠠᠪᠰᠢᠬᠤ | ᠰᠢᠯᠭᠠᠯᠲᠠ ᠳᠤ ᠵᠢᠩᠬᠢᠨᠢ ᠠᠩᠭᠢ ᠳᠤ ᠤᠷᠤᠭᠰᠠᠨ ᠨᠣᠷᠮ᠎ᠠ 80.9% ᠳᠤ ᠬᠦᠷᠴᠦ᠂ ᠲᠦᠷᠦᠭᠦᠸ ᠵᠢᠯ ᠤᠨ | ᠬᠢ ᠠᠴᠠ ᠪᠠᠭ᠎ᠠ ᠳᠡᠭᠡᠭᠰᠢᠯᠡᠵᠡᠢ᠃ | —— ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠠᠯ᠎ᠠ ᠪᠠᠷ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠩᠭᠤᠯ ᠡᠮᠨᠡᠯᠭᠡ ᠶᠢᠨ ᠬᠤᠷᠢᠶᠠᠨ | ᠳᠠᠷᠤᠭ᠎ᠠ ᠶᠢ ᠢᠯᠡ ᠪᠠᠷ ᠤᠷᠢᠨ ᠬᠡᠷᠡᠭᠯᠡᠵᠦ᠂ ᠤᠯᠤᠰ ᠤᠨ ᠦᠨᠡᠯᠡᠨ ᠵᠢᠱᠢᠵᠦ ᠰᠢᠯᠭᠠᠨ ᠬᠢᠨᠠᠬᠤ ᠪᠠᠷᠢᠮᠵᠢᠶ᠎ᠠ ᠳᠤ | ᠬᠦᠷᠦᠭᠰᠡᠨ ᠨᠢᠭᠲᠠ ᠬᠡᠯᠪᠡᠷᠢ ᠶᠢᠨ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠡᠭᠦᠳᠦᠨ | ᠪᠠᠶᠢᠭᠤᠯᠬᠤ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠤᠷᠲᠠᠯ ᠤᠨ | ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠦᠢᠯᠡᠰ ᠤᠨ ᠣᠷᠣᠨ ᠲᠣᠭᠠᠨ ᠤ ᠡᠷᠡᠭᠦᠯ ᠬᠠᠮᠠᠭᠠᠯᠠᠯ ᠤᠨ ᠲᠤᠰᠬᠠᠢ | ᠮᠡᠷᠭᠡᠵᠢᠯ ᠤᠨ 7 ᠬᠥᠮᠥᠨ ᠢ ᠢᠯᠡ ᠪᠠᠷ ᠡᠯᠰᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | 4 ᠳᠠᠷᠤᠭ᠎ᠠ ᠶᠢ ᠰᠢᠯᠵᠢᠭᠦᠯᠦᠨ ᠲᠣᠬᠢᠷᠠᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠳᠦᠬᠦᠭᠡᠷᠦᠮᠵᠢ ᠶᠢ | ᠲᠡᠭᠦᠯᠳᠡᠷᠵᠢᠭᠦᠯᠵᠦ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ ᠤᠨ ᠲᠥᠷᠥᠯ | ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠬᠤᠭᠤᠯᠠᠳᠤ ᠶᠢᠨ ᠭᠤᠣᠯ ᠪᠠᠯᠭᠠᠰᠤᠨ ᠤ ᠠᠯᠳᠠᠨᠭᠤᠣᠯ ᠡᠷᠡᠭᠦᠯ | ᠬᠠᠮᠠᠭᠠᠯᠠᠯ ᠤᠨ ᠬᠤᠷᠢᠶ᠎ᠠ᠂ ᠤᠯᠠᠭᠠᠨ ᠬᠠᠭᠠᠯᠭ᠎ᠠ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ | ᠳᠦᠬᠦᠭᠡᠷᠦᠮᠵᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠮᠣᠩᠭᠤᠯ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ | ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠪᠷᠦ᠋ᠼᠧᠯ | ᠡᠪᠡᠳᠴᠢᠨ ᠤ ᠲᠤᠰᠬᠠᠢ ᠰᠠᠯᠠᠭ᠎ᠠ ᠶᠢᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮᠨᠡᠯᠭᠡ ᠶᠢᠨ | ᠬᠠᠳᠬᠤᠵᠦ ᠢᠯᠢᠬᠦ ᠲᠤᠰᠬᠠᠢ ᠰᠠᠯᠠᠭ᠎ᠠ ᠶᠢᠨ ᠬᠤᠯᠪᠣᠭ᠎ᠠ ᠪᠠ ᠶᠠᠰᠤᠨ ᠤ ᠭᠡᠮᠳᠦᠯ ᠢ ᠵᠠᠰᠠᠬᠤ ᠲᠤᠰᠬᠠᠢ ᠰᠠᠯᠠᠭ᠎ᠠ ᠶᠢᠨ | ᠬᠤᠯᠪᠣᠭ᠎ᠠ ᠳᠤ ᠣᠷᠣᠵᠤ᠂ ᠪᠷᠦ᠋ᠼᠧᠯ ᠡᠪᠡᠳᠴᠢᠨ ᠤ ᠰᠠᠯᠠᠭ᠎ᠠ ᠶᠢ ᠬᠤᠰᠢᠭᠤ ᠲᠠᠰ ᠤᠨ ᠭᠤᠣᠯᠳᠠᠯᠭ᠎ᠠ ᠲᠠᠢ ᠲᠤᠰᠬᠠᠢ | ᠰᠠᠯᠠᠭ᠎ᠠ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠪᠷᠦ᠋ᠼᠧᠯ ᠡᠪᠡᠳᠴᠢᠨ ᠤ ᠡᠭᠦᠳᠡᠨ ᠡᠮᠨᠡᠯᠭᠡ ᠨᠡᠭᠡᠭᠡᠵᠦ᠂ ᠡᠮ | ᠤᠬᠢᠶᠠᠯᠭ᠎ᠠ ᠶᠢᠨ ᠲᠥᠪ ᠢ ᠪᠠᠶᠢᠭᠤᠯᠪᠠ᠃ ᠡᠷᠡᠭᠦᠯ ᠡᠩᠬᠡ ᠪᠠᠷᠠᠭᠤᠨ ᠦᠵᠦᠮᠦᠴᠢᠨ ᠬᠤᠰᠢᠭᠤᠨ ᠤ ᠠᠵᠢᠯᠯᠠᠭ᠎ᠠ ᠶᠢ | ᠠᠬᠢᠭᠤᠯᠵᠤ᠂ ︽ᠢᠳᠡᠭᠡᠨ ᠤ ᠠᠮᠤᠷ ᠲᠦᠪᠰᠢᠨ︾ ᠪᠣᠯᠣᠨ ︽ᠡᠵᠡᠮᠳᠡᠯ ᠤᠨ ᠲᠠᠪᠴᠠᠩ︾ ᠢ ᠠᠭᠤᠰᠤᠯᠴᠠᠭᠤᠯᠤᠨ | ᠵᠣᠯᠭᠠᠭᠤᠯᠬᠤ ᠶᠢ ᠪᠡᠶᠡᠯᠡᠭᠦᠯᠵᠦ᠂ 1048 ᠵᠠᠬ᠎ᠠ ᠳᠡᠯᠭᠡᠭᠦᠷ ᠤᠨ ᠭᠤᠣᠯ ᠴᠣᠭᠴᠠ ᠶᠢ ︽ᠵᠤᠯᠭᠠᠭᠤᠯᠬᠤ | ᠶᠣᠰᠣᠲᠠᠢ ᠶᠢ ᠨᠢ ᠪᠦᠬᠦᠨ ᠢ ᠵᠤᠯᠭᠠᠭᠤᠯᠵᠦ︾᠂ 260 ᠵᠠᠬ᠎ᠠ ᠳᠡᠯᠭᠡᠭᠦᠷ ᠤᠨ ᠭᠤᠣᠯ ᠴᠣᠭᠴᠠ ᠳᠤ 642 | ᠲᠥᠬᠦᠭᠡᠷᠦᠮᠵᠢ ᠤᠭᠰᠠᠷᠠᠵᠤ ᠥᠭᠪᠡ᠃ | —— ᠰᠣᠶᠣᠯ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ᠃ ᠳᠣᠯᠣᠳᠤᠭᠠᠷ ᠬᠤᠭᠤᠴᠠᠭᠠᠨ ᠤ ᠣᠯᠠᠨ | ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠪᠦᠭᠦ ᠬᠤᠰᠢᠭᠤᠨ ᠤ ᠠᠵᠢᠯᠲᠠᠳ ᠤᠨ ᠳᠡᠭᠡᠳᠦ | ᠲᠠᠲᠠᠬᠤ ᠤᠷᠤᠯᠳᠤᠭᠠᠨ ᠵᠡᠷᠭᠡ ᠤᠯᠠᠨ ᠶᠠᠩᠵᠤ ᠶᠢᠨ ᠰᠣᠶᠣᠯ ᠲᠠᠮᠢᠷ ᠤᠨ ᠠᠵᠢᠯᠯᠠᠭ᠎ᠠ ᠶᠢ 16 ᠲᠠᠯᠠᠪᠤᠷ ᠡᠷᠭᠢᠯᠡᠵᠦ᠂ | ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠪᠡᠶ᠎ᠡ ᠶᠢᠨ ᠲᠠᠮᠢᠷ ᠤᠨ | ᠣᠷᠳᠣᠨ᠂ ᠬᠥᠯ ᠪᠥᠮᠪᠦᠭᠡ ᠶᠢᠨ ᠣᠷᠳᠣᠨ᠂ ᠮᠦᠽᠧᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ | ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠠᠷᠠᠳ ᠲᠤ ᠨᠡᠭᠡᠭᠡᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠣᠯᠠᠨ ᠲᠦᠮᠡᠨ ᠢ 2 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠤ ᠦᠢᠯᠡᠴᠢᠯᠡᠪᠡ᠃ | ᠤᠯᠠᠭᠠᠨᠮᠥ᠋ᠴᠢᠷ ᠨᠢ 14 ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ 49 ᠲᠠᠯᠠᠪᠤᠷ ᠦᠨᠳᠦᠰᠦᠨ | ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ 2.2 ᠲᠦᠮᠡᠨ ᠬᠥᠮᠥᠨ ᠤᠳᠠᠭ᠎ᠠ ᠣᠯᠠᠨ | ᠲᠦᠮᠡᠨ ᠳᠤ ᠠᠰᠢᠭ ᠬᠦᠷᠲᠡᠭᠡᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠨᠡᠶᠢᠳᠡᠮ ᠪᠠᠶᠢᠴᠠᠭᠠᠯᠳᠠ ᠶᠢ ᠡᠮᠬᠢ ᠲᠢᠭᠯᠢᠮ ᠲᠠᠢ ᠠᠬᠢᠭᠤᠯᠪᠠ᠃ | ︵ᠨᠠᠢᠮᠠ︶ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ | —— ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ | ᠭᠦᠨᠵᠡᠭᠡᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ | ᠲᠠᠪᠤ ᠶᠢ ᠮᠡᠳᠡᠷᠡᠬᠦ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾᠂ ︽ᠳᠤᠯᠤᠭ᠎ᠠ ᠶᠢ | ᠵᠢᠱᠢᠶᠡᠴᠢᠯᠡᠬᠦ︾ ᠵᠡᠷᠭᠡ ᠣᠶᠢᠯᠠᠭᠠᠭᠳᠠᠬᠤᠨ ᠤ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠬᠠᠮᠲᠤ ᠪᠠᠷ | ᠡᠭᠦᠳᠴᠦ ᠬᠠᠮᠲᠤᠷᠠᠨ ᠪᠠᠶᠢᠭᠤᠯᠬᠤ ᠠᠵᠢᠯᠯᠠᠭ᠎ᠠ ᠶᠢ 150 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ | ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ | ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠪᠦᠲᠦᠮᠵᠢᠲᠡᠢ ᠠᠬᠢᠭᠤᠯᠪᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ︽ᠨᠠᠢᠮᠠᠨ ᠨᠢᠭᠡ︾ ᠶᠢᠨ ᠪᠠᠷᠢᠮᠵᠢᠶ᠎ᠠ ᠶᠣᠰᠣᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠵᠢᠱᠢᠶ᠎ᠡ ᠦᠵᠡᠭᠦᠯᠬᠦ ᠴᠢᠭ 11 ᠶᠢ ᠪᠣᠶ ᠪᠤᠯᠭᠠᠪᠠ᠃ | 2024 ᠣᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ︶ ᠶᠢ ᠲᠦᠯᠬᠢᠨ | ᠠᠬᠢᠭᠤᠯᠬᠤ 389 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠠᠮᠵᠢᠯᠲᠠ ᠲᠠᠢ ᠡᠷᠡᠮᠡᠯᠵᠡᠯᠡᠨ | ᠣᠯᠵᠤ᠂ ᠮᠠᠯ ᠠᠵᠤ ᠠᠬᠤᠢ ᠵᠢᠴᠢ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠤᠨ 4 ᠲᠥᠷᠥᠯ | ᠵᠦᠢᠯ ᠢ ᠳᠡᠮᠵᠢᠨ ᠬᠥᠭᠵᠢᠭᠦᠯᠪᠡ᠃ | —— ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠪᠥᠬᠦ | ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ 1 ᠤᠳᠠᠭ᠎ᠠ ᠬᠤᠷᠠᠯᠳᠤᠭᠤᠯᠵᠤ᠂ | ᠭᠠᠵᠠᠷ ᠤᠨ ᠲᠠᠰ ᠤᠨ ᠤᠳᠤᠷᠢᠳᠬᠤ ᠺᠠᠳ᠋ᠷ 23 ᠪᠦᠯᠦᠭ 55 ᠬᠥᠮᠥᠨ ᠤᠳᠠᠭ᠎ᠠ ᠶᠢᠨ ᠰᠣᠷᠪᠤᠯᠵᠢᠯᠠᠭ᠎ᠠ ᠶᠢ | ᠭᠥᠯᠢᠶᠡᠨ ᠠᠪᠴᠤ᠂ 10 ᠬᠡᠷᠡᠭ ᠢ ᠳᠤᠷᠤᠭᠰᠢ ᠪᠠᠭᠤᠵᠤ ᠰᠤᠷᠪᠤᠯᠵᠢᠯᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ | 18 ᠵᠦᠢᠯ ᠤᠨ ᠠᠩᠬᠠᠨ ᠤ ᠵᠠᠬᠢᠳᠠᠯ ᠰᠣᠷᠪᠤᠯᠵᠢᠯᠠᠭ᠎ᠠ ᠳᠤ ᠪᠦᠲᠦᠮᠵᠢᠲᠡᠶ ᠬᠠᠷᠢᠭᠤᠯᠲᠠ ᠥᠭᠴᠦ ᠡᠶᠡᠳᠡᠭᠦᠯᠦᠨ | ᠰᠢᠢᠳᠪᠦᠷᠢᠯᠡᠵᠦ᠂ 1 ᠵᠦᠢᠯ ᠤᠨ ᠮᠤᠵᠢ ᠶᠢᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ | ᠰᠤᠷᠪᠤᠯᠵᠢᠯᠠᠭ᠎ᠠ᠂ 2 ᠵᠦᠢᠯ ᠤᠨ ᠠᠶᠢᠮᠠᠭ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ | ᠰᠤᠷᠪᠤᠯᠵᠢᠯᠠᠭ᠎ᠠ᠂ 3 ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ | ᠠᠯᠪᠠᠨ ᠭᠡᠷ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ | ᠳᠠᠭᠤᠰᠬᠠᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ | ᠡᠯ᠎ᠡ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠴᠤᠩᠬᠤ ᠨᠢ ᠤᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠨᠡᠶᠢᠳᠡ 58 ᠬᠤᠪᠢ ᠬᠦᠯᠢᠶᠡᠨ ᠠᠪᠴᠤ ᠰᠢᠢᠳᠪᠦᠷᠢᠯᠡᠨ᠂ ᠪᠥᠬᠦᠳᠡ ᠶᠢ ᠴᠠᠭ | ᠲᠤᠬᠠᠢ ᠳᠤᠨᠢ ᠰᠢᠢᠳᠪᠦᠷᠢᠯᠡᠵᠦ ᠳᠠᠭᠤᠰᠬᠠᠪᠠ᠃ ᠵᠠᠰᠠᠭ ᠤᠨ ᠣᠷᠳᠣᠨ ᠤ ᠲᠠᠯᠳᠠ ᠥᠭᠴᠡᠭᠡ ᠶᠢ ︽ᠪᠦᠬᠦᠨ ᠢ | ᠠᠷᠢᠯᠭᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠥᠰᠥᠪ ᠲᠤ 1.72 ᠳ᠋ᠦᠩᠰᠢᠭᠤᠷ | ᠲᠥᠭᠦᠷᠢᠭ ᠤᠨ ᠥᠷᠢ ᠲᠥᠯᠥᠬᠦ ᠪᠡᠯᠡ ᠮᠥᠩᠭᠦ ᠶᠢ ᠲᠣᠬᠢᠷᠠᠭᠤᠯᠵᠤ᠂ ᠬᠤᠭᠤᠴᠠᠭ᠎ᠠ ᠲᠤᠯᠤᠭᠰᠠᠨ ᠥᠭᠴᠡᠭᠡ ᠶᠢᠨ | ᠡᠬᠡ ᠬᠦᠦ ᠮᠥᠩᠭᠦ ᠶᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠲᠥᠯᠥᠬᠦ ᠶᠢ ᠦᠨᠡᠨᠬᠦ ᠪᠠᠲᠤᠯᠠᠪᠠ᠃ | —— ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠨᠡᠶᠢᠲᠡ 9 ᠤᠳᠠᠭ᠎ᠠ ᠬᠤᠷᠠᠯᠳᠤᠭᠤᠯᠵᠤ᠂ ᠭᠠᠵᠠᠷ ᠤᠨ | ᠳᠡᠰ ᠤᠨ ᠤᠳᠤᠷᠢᠳᠤᠯᠭ᠎ᠠ ᠪᠦᠯᠬᠦᠮ ᠳᠠᠭᠠᠭᠤᠯᠤᠨ 55 ᠤᠳᠠᠭ᠎ᠠ ᠪᠠᠶᠢᠴᠠᠭᠠᠵᠤ᠂ ᠬᠠᠪᠤᠷ ᠤᠨ ᠤᠯᠠᠷᠢᠯ ᠤᠨ | ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠳᠠ᠂ ︽ᠬᠤᠶᠠᠷ ᠬᠤᠷᠠᠯ︾ ᠤᠨ ᠬᠤᠭᠤᠴᠠᠭᠠᠨ | ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠬᠢᠵᠠᠭᠠᠷ ᠲᠠᠢ ᠣᠷᠣᠨ ᠵᠠᠢ ᠪᠠ ᠥᠨᠳᠥᠷ ᠭᠠᠵᠠᠷ ᠲᠤ | ᠠᠵᠢᠯᠯᠠᠬᠤ ᠲᠤᠰᠬᠠᠢ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠩ ᠤᠨ ᠠᠰᠠᠭᠤᠳᠠᠯ ᠤᠨ ᠭᠡᠮ ᠰᠣᠭᠤᠭ ᠢ ᠨᠡᠶᠢᠳᠡ 1666 ᠵᠦᠢᠯ᠂ ᠬᠦᠨᠳᠦ ᠶᠡᠭᠡ ᠭᠡᠮ ᠰᠣᠭᠤᠭ ᠢ 4 ᠵᠦᠢᠯ | ᠪᠠᠶᠢᠴᠠᠭᠠᠨ ᠭᠠᠷᠭᠠᠵᠦ ᠴᠡᠭᠴᠡᠯᠡᠨ ᠵᠠᠰᠠᠵᠤ᠂ 3 ᠠᠵᠤ ᠠᠬᠤᠶᠢᠯᠠᠯ ᠢ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠵᠦ᠂ 18 ᠠᠵᠤ ᠠᠬᠤᠶᠢᠯᠠᠯ ᠢ ᠲᠣᠷᠭᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ 32 ᠵᠦᠢᠯ ᠤᠨ | ᠳᠠᠯᠳᠠ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠵᠤ᠂ 25 ᠤᠳᠠᠭᠠᠨ ᠤ ᠨᠤᠲᠤᠭ ᠪᠡᠯᠴᠢᠭᠡᠷ ᠤᠨ ᠭᠠᠯ | ᠲᠦᠢᠮᠡᠷ ᠢ ᠴᠠᠭ ᠲᠤᠬᠠᠢ ᠳᠤᠨᠢ ᠰᠢᠢᠳᠪᠦᠷᠢᠯᠡᠨ ᠤᠨᠲᠠᠷᠠᠭᠠᠵᠤ᠂ ᠬᠦᠨᠳᠦ ᠣᠨᠴᠠ ᠶᠡᠭᠡ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠦᠭᠡᠢ᠃ | ︵ᠶᠢᠰᠦ︶ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠵᠢᠯ ᠤᠨ | ᠡᠬᠢᠨ ᠠᠴᠠ ᠨᠠᠰᠢ᠂ ᠬᠤᠰᠢᠭᠤ ᠵᠠᠰᠠᠭ ᠤᠨ ᠣᠷᠳᠣᠨ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ᠂ ᠪᠠᠶᠢᠴᠠᠭᠠᠨ | ᠰᠤᠳᠤᠯᠤᠯᠲᠠ ᠶᠢ ᠴᠢᠩᠭᠠᠳᠬᠠᠵᠤ᠂ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠂ ᠲᠣᠰ ᠪᠡᠶ᠎ᠡ ᠶᠢᠨ | ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ | ᠰᠦᠯᠳᠡ ᠪᠠᠨ ᠤᠯᠠᠮ ᠨᠢᠭᠡ ᠠᠯᠬᠤᠮ ᠪᠠᠳᠠᠷᠠᠭᠤᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠨ ᠪᠠᠶᠢᠴᠠᠭᠠᠯᠲᠠ᠂ ᠪᠠᠶᠢᠭᠠᠯᠢ ᠶᠢᠨ | ᠡᠬᠢ ᠪᠠᠶᠠᠯᠢᠭ ᠤᠨ ᠱᠠᠭᠠᠷᠳᠠᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠯᠲᠠ ᠵᠡᠷᠭᠡ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠪᠠᠳᠠᠷᠠᠭᠤᠯᠬᠤ ᠶᠢ ᠭᠦᠨᠵᠡᠭᠡᠢ ᠠᠬᠢᠭᠤᠯᠵᠤ᠂ | ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ 91 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 54 ᠬᠤᠪᠢ | ᠰᠠᠨᠠᠯ ᠵᠥᠪᠯᠡᠯᠭᠡ ᠶᠢ ᠡᠮᠬᠢ ᠵᠢᠷᠤᠮ ᠲᠠᠢ ᠪᠠᠷ ᠰᠢᠢᠳᠪᠦᠷᠢᠯᠡᠨ ᠬᠠᠷᠢᠭᠤᠯᠲᠠ ᠥᠭᠴᠦ᠂ ᠰᠢᠢᠳᠪᠦᠷᠢᠯᠡᠵᠦ | ᠳᠠᠭᠤᠰᠬᠠᠭᠰᠠᠨ ᠨᠤᠷᠮ᠎ᠠ ᠨᠢ 60% ᠠᠴᠠ ᠳᠡᠭᠡᠭᠰᠢ ᠳᠤ ᠬᠦᠷᠪᠡ᠃ ︽ᠭᠤᠷᠪᠠᠨ ᠤᠯᠠᠨ ᠭᠤᠷᠪᠠᠨ ᠴᠥᠭᠡᠨ | ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠤᠨ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠳᠡᠭᠡᠷ᠎ᠡ ᠬᠠᠭᠠᠰ ᠵᠢᠯ ᠳᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠢ 12 ᠤᠳᠠᠭ᠎ᠠ ᠬᠤᠷᠠᠯᠳᠤᠭᠤᠯᠵᠤ᠂ ᠴᠢᠬᠤᠯᠠ ᠶᠡᠭᠡ ᠤᠴᠢᠷ ᠶᠠᠪᠤᠳᠠᠯ ᠢ | ᠰᠤᠳᠤᠯᠤᠨ ᠲᠣᠭᠲᠠᠭᠠᠵᠤ᠂ ᠳᠡᠭᠡᠳᠦ ᠱᠠᠲᠤᠨ ᠤ ᠲᠤᠰᠢᠶᠠᠭᠰᠠᠨ1047 ᠤᠴᠢᠷ ᠶᠠᠪᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ ᠳᠠᠭᠤᠰᠬᠠᠪᠠ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠯ᠎ᠡ ᠰᠠᠯᠠᠭ᠎ᠠ | ᠮᠥᠴᠢᠷ ᠨᠢᠭᠡᠴᠡ ᠶᠢᠨ ᠡᠩ ᠤᠨ ᠴᠢᠨᠠᠷᠲᠠᠢ ᠵᠠᠷᠤᠯᠭ᠎ᠠ᠂ ᠠᠳᠠᠯ ᠠᠬᠤᠢ ᠶᠢᠨ ᠵᠠᠷᠤᠳᠠᠯ ᠢ 10% ᠠᠴᠠ ᠳᠡᠭᠡᠭᠰᠢ | ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠲᠡ104 ᠲᠦᠮᠡᠨ ᠲᠥᠭᠦᠷᠢᠭ ᠤᠨ ᠵᠠᠷᠤᠯᠭ᠎ᠠ ᠶᠢ | ᠪᠠᠭᠠᠰᠬᠠᠪᠠ᠃ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠰᠡᠷᠭᠡᠭ ᠢᠶᠠᠷ ᠣᠯᠵᠤ ᠮᠡᠳᠡᠭᠰᠡᠨ ᠨᠢ᠂ ᠮᠠᠨ ᠤ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠰᠠ ᠵᠠᠷᠢᠮ ᠳᠤᠲᠠᠭᠤᠳᠠᠯ ᠪᠠ ᠪᠠᠭᠤᠷᠠᠢ ᠲᠠᠯ᠎ᠠ ᠪᠠᠶᠢᠨ᠎ᠠ᠃ | ᠡᠭᠦᠨ ᠳᠤ ᠭᠤᠣᠯᠳᠠᠭᠤ᠄ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠠᠯᠬᠤᠴᠠ ᠪᠠᠰᠠ ᠲᠡᠶᠢᠮᠦ ᠲᠦᠷᠭᠡᠨ ᠪᠢᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠪᠠᠰᠠ ᠲᠡᠶᠢᠮᠦ ᠴᠢᠩᠭ᠎ᠠ ᠪᠢᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠪᠠᠰᠠ ᠲᠤᠲᠠᠭᠳᠠᠯ ᠲᠠᠢ ᠲᠠᠯ᠎ᠠ | ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠡᠶᠢᠮᠦ ᠪᠠᠲᠤ ᠪᠢᠰᠢ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠲᠤᠲᠠᠭᠳᠠᠯ ᠢ ᠨᠥᠬᠦᠪᠦᠷᠢᠯᠡᠬᠦ ᠴᠢᠬᠤᠯᠠᠲᠠᠢ ᠪᠠᠶᠢᠨ᠎ᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠪᠠᠰᠠ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠠᠵᠢᠯ ᠤᠨ ᠳᠤᠮᠳᠠ ︽ᠤᠳᠠᠭᠠᠨ ᠪᠦᠳᠦᠭᠦᠯᠢᠭ | ᠬᠤᠭᠤᠰᠤᠨ︾ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠡᠰᠡᠭ ᠺᠠᠳ᠋ᠷ ᠤᠨ ᠰᠡᠳᠬᠢᠴᠡ ᠶᠢᠨ | ᠬᠠᠷᠠᠭᠠᠰᠤ ᠥᠷᠭᠡᠨ ᠪᠢᠰᠢ᠂ ᠴᠢᠳᠠᠪᠤᠷᠢ ᠠᠨᠠᠢ ᠂ ᠠᠵᠢᠯ ᠤᠨ ᠰᠤᠷᠲᠠᠯ ᠪᠣᠳᠠᠲᠠᠢ ᠪᠢᠰᠢ ᠪᠠᠶᠢᠬᠤ ᠵᠡᠷᠭᠡ ᠠᠰᠠᠭᠤᠳᠠᠯ | ᠣᠷᠣᠰᠢᠵᠤ ᠪᠠᠶᠢᠨ᠎ᠠ᠃ ᠡᠭᠦᠨ ᠢ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ | ᠰᠢᠢᠳᠪᠦᠷᠢᠯᠡᠬᠦ ᠪᠣᠯᠣᠨ᠎ᠠ᠃ | ᠬᠤᠶᠠᠷ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠳᠣᠣᠷ᠎ᠠ ᠬᠠᠭᠠᠰ ᠵᠢᠯ ᠤᠨ ᠠᠵᠢᠯ ᠢᠶᠠᠨ ᠰᠠᠶᠢᠲᠤᠷ ᠬᠢᠬᠦ ᠳᠤ᠂ ᠬᠤᠰᠢᠭᠤ ᠵᠠᠰᠠᠭ ᠤᠨ ᠣᠷᠳᠣᠨ ᠦᠵᠡᠯ | ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠳᠤᠳᠬᠠᠵᠦ᠂ ᠬᠥᠭᠵᠢᠯᠲᠡ ᠶᠢᠨ ᠲᠡᠷᠢᠭᠦᠨ ᠴᠢᠬᠤᠯᠠ | ᠶᠠᠪᠤᠳᠠᠯ ᠤᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠵᠢᠷᠭᠤᠭᠠᠨ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ | ᠵᠣᠷᠢᠭ ᠢᠶᠠᠨ ᠬᠥᠪᠴᠢᠯᠡᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ | | —— ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠤᠨ᠎ᠠ᠃ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠣᠬᠤᠷ᠂ | ᠦᠷᠳᠡᠭ ᠤᠨ ᠬᠡᠯᠬᠢᠶ᠎ᠡ ᠳᠣᠣᠷ᠎ᠠ ᠪᠠ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠨ᠎ᠡ᠃ ᠠᠵᠤ ᠦᠢᠯᠡᠳᠪᠦᠷᠢ ᠨᠢ ᠳᠡᠭᠡᠳᠦ ᠮᠡᠷᠭᠡᠵᠢᠬᠦ᠂ ᠣᠶᠤᠨᠴᠢᠯᠠᠬᠤ᠂ ᠪᠣᠬᠢᠷᠲᠤᠯ | ᠦᠭᠡᠢ ᠪᠣᠯᠬᠤ ᠴᠢᠭᠯᠡᠯ ᠢ ᠲᠣᠭᠲᠠᠭᠠᠵᠤ᠂ ᠨᠡᠭᠦᠷᠡᠰᠦ᠂ ᠴᠠᠬᠢᠯᠭᠠᠨ ᠬᠦᠴᠦ᠂ ᠥᠩᠭᠡᠲᠦ ᠲᠡᠮᠦᠷᠯᠢᠭ ᠵᠡᠷᠭᠡ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠭᠵᠢᠬᠦᠯᠦᠨ᠎ᠡ᠃ | ᠦᠢᠯᠡᠴᠢᠯᠡᠭᠡᠨ ᠤ ᠦᠢᠯᠡᠰ ᠨᠢ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠥᠷᠭᠡᠳᠬᠡᠵᠦ᠂ ᠨᠡᠮᠡᠭᠳᠡᠯ ᠤᠨ | ᠬᠡᠮᠵᠢᠶ᠎ᠡ ᠪᠠᠨ ᠥᠷᠭᠡᠳᠬᠡᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ | ᠬᠡᠷᠡᠭᠯᠡᠭᠡ ᠶᠢ ᠳᠠᠶᠢᠴᠢᠯᠠᠬᠤ ᠪᠠ ᠠᠬᠢᠭᠤᠯᠬᠤ ᠪᠠᠷ ᠭᠤᠣᠯᠳᠠᠯᠭ᠎ᠠ ᠪᠠᠨ ᠪᠤᠯᠭᠠᠨ᠎ᠠ᠃ ᠡᠭᠦᠨ ᠤ ᠬᠠᠮᠲᠤ᠂ | ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠴᠢᠩᠭ᠎ᠠ ᠠᠳᠬᠤᠵᠤ᠂ ᠮᠥᠷᠳᠡᠨ ᠦᠢᠯᠡᠴᠢᠯᠡᠬᠦ ᠶᠢ ᠦᠨᠡᠨᠬᠦ | ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠯ ᠤᠳᠠᠭᠠᠨ᠂ ᠠᠵᠢᠯ | ᠡᠬᠢᠯᠡᠭᠰᠡᠨ ᠤ ᠳᠠᠷᠠᠭᠠᠬᠢ ᠠᠬᠢᠴᠠ ᠤᠳᠠᠭᠠᠨ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠨᠢ ᠤᠳᠠᠭᠠᠨ ᠵᠡᠷᠭᠡ | ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | —— ᠠᠶᠤᠯᠭᠦᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠴᠢᠩᠭᠠᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠴᠠᠭ | ᠢᠮᠠᠭᠲᠠ ᠰᠡᠷᠡᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠭᠤᠷᠬᠠᠢ᠂ | ᠠᠶᠤᠯᠲᠠᠢ ᠬᠢᠮᠢ ᠶᠢᠨ ᠵᠦᠢᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠡᠯ᠎ᠡ ᠲᠥᠷᠥᠯ ᠤᠨ | ᠠᠳᠡᠯ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠵᠥᠷᠢᠴᠡᠯ ᠢ ᠪᠠᠶᠢᠴᠠᠭᠠᠬᠤ᠂ ᠰᠣᠷᠪᠤᠯᠵᠢᠯᠠᠭ᠎ᠠ ᠶᠢ ᠬᠦᠯᠢᠶᠡᠨ | ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ | ᠨᠠᠮᠳᠠᠭᠤᠯᠤᠨ ᠲᠣᠭᠲᠠᠭᠤᠨ ᠪᠠᠶᠢᠯᠭᠠᠬᠤ ᠵᠡᠷᠭᠡ ᠠᠵᠢᠯ ᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠷᠠᠳ | ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠬᠦᠴᠦᠨ ᠢᠶᠠᠷ ᠢᠶᠠᠨ ᠬᠠᠮᠠᠭᠠᠯᠠᠨ᠎ᠠ᠃ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠶᠢᠨ ᠴᠢᠨᠠᠷᠲᠠᠢ ᠳᠠᠭᠠᠳᠬᠠᠯ ᠤᠨ | ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠭᠠᠷᠭᠠᠬᠤ ᠦᠭᠡᠢ ᠪᠠᠶᠢᠬᠤ ᠶᠢ ᠪᠠᠳᠤᠯᠠᠨ᠎ᠠ᠃ | —— ᠪᠣᠬᠢᠷᠲᠤᠯ ᠦᠭᠡᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡ | ᠣᠭᠲᠠᠷᠭᠤᠢ᠂ ᠬᠦᠬᠡᠮᠳᠦᠭ ᠤᠰᠤ᠂ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠶᠢ ᠤᠭᠲᠤᠬᠤ ᠬᠤᠶᠠᠳᠤᠭᠠᠷ ᠡᠭᠡᠯᠵᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ | ᠬᠡᠷᠡᠭᠯᠡᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠣᠰ | ᠵᠢᠯ ᠤᠨ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠨᠠᠩ ᠣᠯᠠᠨ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠦᠨ᠎ᠡ᠃ ᠠᠭᠤᠷᠬᠠᠢ ᠶᠢᠨ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠳᠡᠭᠡᠳᠦ ᠱᠠᠲᠤᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ | ᠲᠤᠭ᠎ᠠ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠡᠶᠡᠯᠡᠭᠦᠯᠦᠨ᠎ᠡ᠃ | —— ᠬᠠᠮᠲᠤᠪᠠᠷ ᠡᠳ᠋ᠯᠡᠬᠦ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠰᠤᠷᠭᠠᠨ ᠬᠥᠮᠦᠵᠢᠯ | ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠢ | ᠦᠷᠭᠦᠯᠵᠢᠯᠡᠨ ᠰᠠᠶᠢᠲᠤᠷ ᠡᠷᠭᠢᠯᠡᠵᠦ᠂ ︽ᠲᠤᠯᠠᠭᠠᠯᠠᠭ᠎ᠠ ᠶᠢᠨ ᠢᠨᠵᠧᠨᠧᠷᠢᠩ︾ ᠪᠠ ᠠᠷᠠᠳ ᠤᠨ ᠠᠮᠢᠳᠤᠷᠠᠯ ᠤᠨ ᠡᠯ᠎ᠡ | ᠵᠦᠢᠯ ᠤᠨ ᠪᠣᠳᠠᠲᠤ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠨ ᠪᠠᠶᠢᠩᠭᠤᠵᠢᠭᠤᠯᠤᠨ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠶᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ | ᠬᠦᠴᠦᠨ ᠢᠶᠠᠷ ᠢᠶᠠᠨ ᠪᠠᠲᠤᠯᠠᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ | ᠴᠢᠩᠭᠠᠳᠬᠠᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | | | | | | | | |