ᠳᠡᠭᠡᠷ᠎ᠡ ᠬᠠᠭᠠᠰ ᠵᠢᠯ ᠠᠵᠤ ᠠᠬᠤᠢ ᠶᠢᠨ ᠬᠥᠭᠵᠢᠯᠲᠡ ᠲᠣᠭᠲᠠᠭᠤᠨ ᠳᠤᠮᠳᠠ ᠤᠷᠤᠭᠰᠢᠯᠠᠪᠠ᠃ ᠳᠡᠭᠡᠷ᠎ᠡ ᠬᠠᠭᠠᠰ | ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ112 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 13.5% ᠪᠠᠷ | ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 8.8 ᠵᠠᠭᠤᠨ ᠤ ᠨᠢᠭᠡᠴᠢ | ᠥᠨᠳᠥᠷ ᠪᠤᠯᠪᠠ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 97.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠪᠡ᠃ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠵᠢᠯ ᠤᠨ ᠡᠬᠢᠨ ᠳᠤ ᠲᠣᠭᠲᠠᠭᠠᠭᠰᠠᠨ 56 ᠭᠤᠣᠯᠳᠠᠯᠭ᠎ᠠ ᠲᠠᠢ | ᠲᠥᠷᠥᠯ ᠵᠦᠢᠯ ᠤᠨ 43 ᠲᠥᠷᠥᠯ ᠵᠦᠢᠯ ᠤᠨ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ | ᠨᠢ 76.8% ᠳᠤ ᠬᠦᠷᠴᠡᠢ᠃ ᠡᠭᠦᠨ ᠳᠤ ᠠᠶᠢᠮᠠᠭ ᠤᠨ ᠲᠠᠰ ᠤᠨ 15 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ | ᠪᠦᠬᠦᠨ ᠢ ᠡᠬᠢᠯᠡᠭᠦᠯᠦᠭᠰᠡᠨ ᠪᠠᠶᠢᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 46.1 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 69.6% | ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠣᠨ ᠤ ᠡᠭᠦᠷᠭᠡ ᠶᠢᠨ 57.4% ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1% | ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 19073 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠡᠭᠦᠨ ᠳᠤ᠂ | ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 25066 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠪᠠᠷ ᠨᠡᠮᠡᠭᠳᠡᠪᠡ᠃ ᠮᠠᠯᠵᠢᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11356 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ |