ᠳᠡᠭᠡᠷ᠎ᠡ ᠬᠠᠭᠠᠰ ᠵᠢᠯ ᠠᠵᠤ ᠦᠢᠯᠡᠳᠪᠦᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠪᠡ᠃ ᠳᠡᠭᠡᠷ᠎ᠡ ᠬᠠᠭᠠᠰ | ᠵᠢᠯ ᠳᠤ᠂ ᠪᠥᠬᠦ ᠬᠤᠰᠢᠭᠤᠨ ᠤ 28 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 208.8 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.9% ᠪᠠᠷ | ᠨᠡᠮᠡᠭᠳᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠡᠭᠦᠷᠡᠰᠦᠨ ᠤ | ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠳᠤ 4 ᠤᠳᠠᠭ᠎ᠠ | ᠢᠳᠡᠪᠬᠢᠲᠡᠢ ᠬᠠᠮᠵᠢᠯᠴᠠᠵᠤ᠂ ᠬᠤᠸᠠ ᠷᠦᠨ ᠪᠦᠯᠦᠭᠯᠡᠯ ᠤᠨ ᠦ᠋ ᠵᠢᠶᠠᠨ ᠹᠠᠩ ᠪᠠᠷᠠᠭᠤᠨ ᠨᠢᠭᠡᠳᠦᠭᠡᠷ ᠠᠭᠤᠷᠬᠠᠢ᠂ ᠵᠢᠷ ᠤᠨ | ᠭᠤᠣᠯ ᠬᠤᠶᠠᠳᠤᠭᠠᠷ ᠠᠭᠤᠷᠬᠠᠢ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠶᠢ ᠵᠢᠯᠣᠭᠤᠳᠤᠨ ᠱᠠᠭᠠᠷᠳᠠᠵᠦ᠂ 1—6 ᠳ᠋ᠤᠭᠠᠷ ᠰᠠᠷ᠎ᠠ ᠳᠤ ᠨᠡᠶᠢᠲᠡ 3211.3 ᠲᠦᠮᠡᠨ ᠲᠣᠨ | ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ᠴᠡᠪᠡᠷ | ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ | ᠮᠣᠩᠭᠤᠯ ᠤᠨ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠵᠤ᠂ ᠰᠤ᠋ ᠨᠧᠩ ᠪᠠᠶᠠᠨᠬᠤᠸᠠ ᠴᠠᠬᠢᠯᠭᠠᠨ ᠤ ᠦᠢᠯᠡᠳᠪᠦᠷᠢ᠂ ᠪᠠᠶᠠᠨᠬᠤᠸᠠ ᠥᠪᠡᠷᠲᠡᠭᠡᠨ | ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ | ᠢᠨᠵᠧᠨᠧᠷᠢᠩ ᠵᠡᠷᠭᠡ ᠲᠥᠷᠥᠯ ᠵᠦᠢᠯ ᠢ ᠱᠠᠯᠠᠪᠳᠠᠨ ᠪᠠᠶᠢᠭᠤᠯᠵᠤ᠂ ᠳᠡᠭᠡᠷ᠎ᠡ ᠬᠠᠭᠠᠰ ᠵᠢᠯ ᠳᠤ ᠨᠡᠶᠢᠲᠡ 120.2 | ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ ᠢᠦᠢ | ᠯᠦᠩ ᠠᠭᠤᠷᠬᠠᠢ ᠶᠢᠨ ᠦᠢᠯᠡᠰ᠂ ᠶᠢᠨ ᠮᠠᠨ ᠠᠭᠤᠷᠬᠠᠢ ᠶᠢᠨ ᠦᠢᠯᠡᠰ᠂ ᠪᠠᠶᠠᠨᠬᠤᠸᠠ ᠦᠨᠳᠦᠷ ᠨᠠᠷᠢᠯᠢᠭᠵᠢᠭᠤᠯᠤᠭᠰᠠᠨ | ᠬᠥᠩᠭᠡᠨᠴᠠᠭᠠᠨ ᠤ ᠬᠠᠪᠳᠠᠰᠤ᠂ ᠪᠦᠦ ᠱᠦᠸᠧ ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠡᠬᠢᠨ ᠠᠴᠠ ᠨᠠᠰᠢ | ᠨᠡᠶᠢᠲᠡ 2.3 ᠲᠦᠮᠡᠨ ᠲᠣᠨ ᠥᠩᠭᠡᠲᠦ ᠲᠡᠮᠦᠷᠯᠢᠭ ᠢ ᠰᠣᠩᠭᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 22. | 6% ᠪᠠᠷ ᠨᠡᠮᠡᠭᠳᠡᠪᠡ᠃ ᠥᠩᠭᠡᠲᠦ ᠲᠡᠮᠦᠷᠯᠢᠭ ᠵᠢᠴᠢ ᠬᠠᠶᠢᠯᠤᠰᠢ ᠶᠢ 46.7 ᠲᠦᠮᠡᠨ ᠲᠣᠨ ᠪᠣᠯᠪᠠᠰᠤᠷᠠᠭᠤᠯᠵᠤ᠂ ᠠᠳᠠᠯᠢ | ᠬᠤᠭᠤᠴᠠᠭᠠᠨ ᠤ ᠬᠢ ᠠᠴᠠ 116.7% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠶᠤᠸᠠᠨ ᠹᠧᠩ ᠠᠵᠤ ᠦᠢᠯᠡᠰ ᠤᠨ ᠵᠢᠯ ᠳᠤ 20 ᠲᠦᠮᠡᠨ ᠲᠣᠨ | ᠬᠥᠩᠭᠡᠨ ᠴᠢᠨᠠᠷ ᠤᠨ ᠴᠣᠬᠤᠶᠢᠳᠠᠭᠰᠠᠨ ᠵᠤᠭᠠᠩ ᠦᠢᠯᠡᠳᠪᠦᠷᠢᠯᠡᠬᠦ ᠲᠥᠷᠥᠯ ᠵᠦᠢᠯ᠂ ᠮᠧᠩ ᠭᠦᠢ ᠰᠢᠨᠵᠢᠯᠡᠬᠦ ᠤᠬᠠᠭᠠᠨ | ᠮᠡᠷᠭᠡᠵᠢᠯ ᠤᠨ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠣᠬᠢᠷᠲᠤᠯ ᠦᠭᠡᠢ ᠤᠶᠤᠨᠳᠤ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ᠂ 2 ᠳ᠋ᠦᠩᠰᠢᠭᠤᠷ ᠭᠠᠷᠤᠢ | ᠲᠥᠭᠦᠷᠢᠭ ᠤᠨ ᠪᠡᠯᠡ ᠣᠷᠣᠭᠤᠯᠤᠨ᠂ 6 ᠵᠦᠢᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ | ᠵᠦᠢᠯ᠂ 5 ᠵᠦᠢᠯ ᠤᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠪᠡ᠃ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠴᠢᠩᠭᠠᠳᠬᠠᠵᠤ᠂ | ᠢᠦᠢ ᠯᠦᠩ ᠠᠭᠤᠷᠬᠠᠢ ᠶᠢᠨ ᠦᠢᠯᠡᠰ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ 9 ᠡᠨᠧᠷᠭᠢ | ᠬᠡᠷᠡᠭᠯᠡᠬᠦ ᠠᠵᠤ ᠠᠬᠤᠶᠢᠯᠠᠯ 95 ᠲᠦᠮᠡᠨ ᠪᠤᠬᠢᠷᠳᠤᠯ ᠦᠭᠡᠢ ᠴᠠᠬᠢᠯᠭᠠᠨ ᠤ ᠦᠨᠡᠮᠯᠡᠯ ᠢ ᠬᠤᠳᠠᠯᠳᠤᠨ ᠠᠪᠤᠪᠠ᠃ |