ᠳᠡᠭᠡᠷ᠎ᠡ ᠬᠠᠭᠠᠰ ᠵᠢᠯ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠦᠷᠭᠡᠨ ᠬᠦᠭᠵᠢᠬᠦᠯᠪᠡ᠃ ︽ᠪᠠᠭ᠋ᠠᠷᠤᠮ᠎ᠠ | ᠰᠠᠶᠢᠬᠠᠨ ᠪᠠᠷᠠᠭᠤᠨ ᠦᠵᠦᠮᠦᠴᠢᠨ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠵᠡᠷᠭᠡ ᠰᠣᠶᠣᠯ ᠤᠨ | ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠰᠢᠨ᠎ᠡ ︽ᠵᠢᠭᠤᠯᠴᠢᠯᠠᠯ ᠤᠨ ᠠᠷᠪᠠᠨ ᠵᠤᠷᠪᠤᠰ︾ | ᠢ ᠵᠠᠰᠠᠨ ᠲᠣᠭᠲᠠᠭᠠᠵᠤ᠂ 2023 ᠣᠨ ᠤ ᠳᠡᠳᠬᠦᠨ ᠱᠠᠩᠨᠠᠬᠤ ᠪᠡᠯᠡ ᠮᠥᠩᠭᠦ ᠶᠢ 215 ᠲᠦᠮᠡᠨ ᠲᠥᠭᠦᠷᠢᠭ ᠣᠯᠭᠤᠵᠤ | ᠂ 99 ᠨᠣᠮᠧᠷᠲᠤ ᠵᠠᠰᠠᠮᠠᠯ ᠵᠠᠮ ᠤᠨ ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠠᠵᠢᠯ | ᠡᠬᠢᠯᠡᠭᠦᠯᠦᠨ ᠪᠠᠶᠢᠭᠤᠯᠵᠤ᠂ ᠶᠤᠯᠤ ᠬᠠᠶᠢᠷᠬᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠭᠦᠷᠭᠡᠨ ᠵᠠᠮ ᠢ | ᠪᠠᠶᠢᠭᠤᠯᠤᠨ ᠳᠠᠭᠤᠰᠬᠠᠵᠤ᠂ ᠬᠠᠪᠴᠢᠭᠠᠢ ᠶᠢᠨ ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ | ᠠᠬᠢᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠢᠶᠠᠷ IP | ᠪᠣᠯᠭᠠᠭᠰᠠᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠬᠡᠷᠡᠯ ᠵᠢᠷᠤᠭ ᠤᠨ ᠤᠷᠤᠯᠳᠤᠭᠠᠨ᠂ ᠠᠩᠬᠠᠳᠤᠭᠠᠷ | ᠬᠤᠭᠤᠴᠠᠭᠠᠨ ᠤ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ | ᠰᠢᠯᠭᠠᠷᠠᠭᠤᠯᠬᠤ ᠤᠷᠤᠯᠳᠤᠭᠠᠨ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠪᠠᠷᠤᠭ 23.5 ᠲᠦᠮᠡᠨ ᠬᠥᠮᠥᠨ ᠤᠳᠠᠭ᠎ᠠ ᠲᠠᠲᠠᠵᠤ᠂ | ᠵᠢᠭᠤᠯᠴᠢᠯᠠᠯ ᠤᠨ ᠣᠷᠣᠯᠭ᠎ᠠ 8225 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ | ᠲᠣᠰ 43% ᠪᠠ 22% ᠪᠠᠷ ᠨᠡᠮᠡᠭᠳᠡᠪᠡ᠃ ᠢᠯᠠᠩᠭᠤᠶ᠎ᠠ ᠠᠩᠬᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ | ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ | ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠨᠢ ᠨᠡᠶᠢᠭᠡᠮ ᠳᠡᠭᠡᠷ᠎ᠡ ᠬᠠᠯᠠᠭᠤᠨ | ᠲᠤᠰᠬᠠᠯ ᠭᠠᠷᠴᠤ᠂ ᠲᠥᠪ ᠲᠧᠯᠸᠢᠰ ᠤᠨ ᠦᠳᠡᠰᠢ ᠶᠢᠨ ᠰᠣᠨᠢᠨ ᠮᠡᠳᠡᠭᠡᠨ ᠤ ᠪᠤᠯᠤᠩ ᠳᠤ ᠨᠡᠪᠳᠡᠷᠡᠬᠦᠯᠦᠭᠰᠡᠨ ᠪᠥᠭᠡᠳ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠᠷ ᠳᠠᠮᠵᠢᠭᠤᠯᠤᠨ ᠰᠢᠭᠤᠳ ᠨᠠᠪᠲᠠᠷᠡᠭᠦᠯᠵᠦ᠂ ᠮᠠᠨ ᠤ ᠬᠤᠰᠢᠭᠤᠨ ᠤ | ᠭᠠᠵᠠᠷ ᠣᠷᠣᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽2024 ᠣᠨ ᠤ ᠰᠦᠯᠵᠢᠶᠡᠨ ᠳᠡᠭᠡᠷᠡᠬᠢ | ᠴᠠᠭᠠᠨ ᠰᠠᠷ᠎ᠠ ᠶᠢᠨ ᠪᠠᠷᠠᠭᠠᠨ ᠤ ᠪᠠᠶᠠᠷ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ | ᠨᠡᠶᠢᠲᠡ 4539 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 52% ᠪᠠᠷ ᠨᠡᠮᠡᠭᠳᠡᠪᠡ᠃ |