ᠳᠡᠭᠡᠷ᠎ᠡ ᠬᠠᠭᠠᠰ ᠵᠢᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠪᠠ᠃ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠰ | ᠬᠤᠭᠤᠴᠠᠭᠠᠨ ᠳᠤ ᠪᠠᠶᠢᠭ᠎ᠠ ᠠᠭᠤᠷᠬᠠᠢ ᠳᠤ 9020 ᠲᠦᠮᠡᠨ ᠲᠥᠭᠦᠷᠢᠭ ᠣᠷᠣᠭᠤᠯᠵᠤ᠂ 3 ᠲᠡᠭᠰᠢ ᠳᠥᠷᠪᠡᠯᠵᠢᠨ | ᠺᠢᠯᠣᠮᠧᠲᠷ ᠲᠠᠯᠠᠪᠠᠶ ᠶᠢ ᠵᠠᠰᠠᠨ ᠳᠠᠭᠤᠰᠬᠠᠵᠤ᠂ ᠵᠠᠰᠠᠭ ᠤᠨ ᠣᠷᠳᠣᠨ ᠠᠴᠠ 430 ᠲᠦᠮᠡᠨ ᠲᠥᠭᠦᠷᠢᠭ ᠣᠷᠣᠭᠤᠯᠵᠤ᠂ | ᠤᠷᠬᠢᠭᠳᠠᠵᠤ ᠬᠠᠶᠠᠭᠳᠠᠭᠰᠠᠨ 2 ᠠᠭᠤᠷᠬᠠᠢ ᠶᠢᠨ ᠨᠦᠬᠡ ᠶᠢᠨ 0.4 ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠵᠠᠰᠠᠵᠦ᠂ | ᠶᠤᠸᠠᠢ ᠶᠢᠨ ᠨᠡᠭᠦᠷᠡᠰᠦᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠬᠠᠭᠠᠯᠪᠤᠷᠢᠯᠠᠭᠰᠠᠨ ᠭᠠᠵᠠᠷ | ᠰᠢᠷᠤᠢ ᠶᠢ ᠰᠡᠷᠭᠦᠭᠡᠬᠦ ᠢᠨᠵᠧᠨᠧᠷᠢᠩ ᠤᠨ 95% ᠶᠢᠨ ᠶᠡᠷᠦᠩᠬᠡᠢ ᠬᠡᠮᠵᠢᠶ᠎ᠡ ᠶᠢ ᠪᠡᠶᠡᠯᠡᠭᠦᠯᠪᠡ᠃ ᠭᠤᠣᠯ ᠨᠠᠭᠤᠷ ᠤᠨ | ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠷᠤᠬᠠᠨ ᠭᠤᠣᠯ ︵ᠪᠠᠶᠠᠨᠬᠤᠸᠠ ᠪᠠᠯᠭᠠᠰᠤ ᠶᠢᠨ | ᠬᠡᠰᠡᠭ︶ ᠢ ᠵᠠᠰᠠᠬᠤ ᠢᠨᠵᠧᠨᠧᠷᠢᠩ ᠤᠨ ᠤᠰᠤᠨ ᠳᠤ ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ ᠢᠨᠵᠧᠨᠧᠷᠢᠩ ᠪᠣᠯᠣᠨ | ᠪᠠᠯᠭᠠᠷᠭᠤᠣᠯ ᠪᠠᠯᠭᠠᠰᠤᠨ ᠤ ᠪᠠᠷᠠᠭᠤᠨ ᠡᠮᠦᠨᠡᠬᠢ ᠦᠶᠡᠷ ᠢ ᠰᠡᠷᠭᠡᠶᠢᠯᠡᠬᠦ ᠢᠨᠵᠧᠨᠧᠷᠢᠩ ᠤᠨ ᠤᠰᠤᠨ ᠳᠤ ᠡᠪᠳᠡᠭᠳᠡᠭᠰᠡᠨ | ᠭᠠᠵᠠᠷ ᠢ ᠰᠡᠯᠪᠢᠨ ᠵᠠᠰᠠᠬᠤ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠤᠯᠠᠭᠠᠨ ᠬᠠᠭᠠᠯᠭ᠎ᠠ ᠰᠤᠮᠤᠨ ᠤ ᠰᠢᠨᠡᠭᠤᠣᠯ ᠤᠨ | ᠵᠢᠵᠢᠭ ᠰᠠᠪᠠ ᠭᠠᠵᠠᠷ ᠢ ᠵᠠᠰᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠤᠢ ᠰᠢᠭᠤᠢ ᠶᠢᠨ | ᠦᠢᠯᠡᠰ ᠤᠨ ᠭᠤᠣᠯᠳᠠᠯᠭ᠎ᠠ ᠲᠠᠢ ᠵᠠᠰᠠᠨ ᠰᠡᠷᠭᠦᠭᠡᠬᠦ ᠢᠨᠵᠧᠨᠧᠷᠢᠩ ᠢ 2.5 ᠲᠦᠮᠡᠨ ᠮᠦ ᠨᠠᠶᠢᠳᠠᠪᠤᠷᠢᠵᠢᠭᠤᠯᠵᠤ᠂ ᠪᠤᠳᠠ | ᠮᠣᠳᠣᠨ ᠤ ᠪᠦᠷᠬᠦᠴᠡ ᠶᠢ 40% ᠠᠴᠠ ᠳᠡᠭᠡᠭᠰᠢ ᠪᠣᠯᠭᠠᠪᠠ᠃ ︽ᠪᠠᠷᠠᠭᠤᠨ ᠦᠵᠦᠮᠦᠴᠢᠨ ᠬᠤᠰᠢᠭᠤᠨ ᠤ ᠪᠡᠯᠴᠢᠭᠡᠷ ᠤᠨ | ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠵᠢᠴᠢ 20 ᠵᠦᠢᠯ ᠤᠨ | ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠤᠭᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠤᠭᠠᠬᠤ ᠨᠥᠬᠦᠪᠦᠷᠢ ᠶᠢᠨ | ᠪᠡᠯᠡ ᠮᠥᠩᠭᠦ ᠶᠢ 2880 ᠲᠦᠮᠡᠨ ᠲᠥᠭᠦᠷᠢᠭ ᠲᠠᠷᠬᠠᠭᠠᠵᠤ᠂ ᠲᠠᠷᠢᠮᠠᠯ ᠪᠡᠯᠴᠢᠭᠡᠷ ᠢ 2 ᠲᠦᠮᠡᠨ ᠮᠦ ᠲᠠᠷᠢᠪᠠ᠃ 19 | ᠲᠦᠮᠡᠨ ᠮᠦ ᠨᠤᠲᠤᠭ ᠪᠡᠯᠴᠢᠭᠡᠷ ᠲᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠦ᠂ 550 ᠲᠦᠮᠡᠨ ᠮᠦ ᠨᠤᠲᠤᠭ | ᠪᠡᠯᠴᠢᠭᠡᠷ ᠲᠤ ᠴᠠᠷᠴᠠᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠪᠡ᠃ ᠭᠠᠳᠠᠨ᠎ᠠ ᠠᠴᠠ ᠮᠠᠯ | ᠤᠷᠤᠭᠤᠯᠵᠦ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ | ᠬᠤᠷᠢᠭᠯᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ 9 ᠪᠠᠶᠢᠴᠠᠭᠠᠯᠲᠠ ᠶᠢᠨ ᠥᠷᠲᠡᠭᠡ ᠨᠢ ᠨᠡᠶᠢᠲᠡ 196 ᠮᠠᠰᠢᠨ ᠲᠡᠷᠭᠡ᠂ | 3344 ᠮᠠᠯ ᠤᠨᠤᠭ᠎ᠠ ᠶᠢ ᠢᠳᠬᠠᠨ ᠪᠤᠴᠠᠭᠠᠵᠠᠢ᠃ 6 ᠳ᠋ᠤᠭᠠᠷ ᠰᠠᠷ᠎ᠠ ᠳᠤ ᠪᠠᠶᠢᠭᠠᠯᠢ ᠶᠢᠨ ᠡᠪᠡᠰᠦᠲᠦ ᠭᠠᠵᠠᠷ ᠤᠨ | ᠳᠤᠮᠳᠠᠴᠢ ᠪᠦᠷᠬᠦᠴᠡ 45.2%᠂ ᠳᠤᠮᠳᠠᠴᠢ ᠥᠨᠳᠥᠷ ᠤᠨ ᠬᠡᠮᠵᠢᠶ᠎ᠡ 11.7 ᠰᠠᠨᠲ᠋ᠢᠮᠧᠲᠷ ᠪᠠᠶᠢᠵᠤ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ ᠲᠣᠰ ᠲᠣᠰ 5.2 ᠪᠠ 17 ᠵᠠᠭᠤᠨ ᠤ ᠨᠢᠭᠡᠴᠢ ᠳᠡᠭᠡᠭᠰᠢᠯᠡᠵᠡᠢ᠃ ᠡᠯᠡᠰᠦᠷᠬᠡᠭᠵᠢᠬᠦ ᠶᠢ | ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠦᠵᠦᠮᠦᠴᠢᠨ ᠤ ᠣᠷᠣᠨ ᠢ ᠵᠠᠰᠠᠬᠤ ᠲᠥᠷᠥᠯ ᠵᠦᠢᠯ ᠢ 9.4 ᠲᠦᠮᠡᠨ ᠮᠦ᠂ ᠥᠪᠥᠷ ᠮᠣᠩᠭᠤᠯ ᠤᠨ ᠵᠡᠭᠦᠨ | ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠦᠷᠦᠯ ᠵᠦᠢᠯ ᠤᠨ ᠪᠠᠷᠠᠭᠤᠨ | ᠦᠵᠦᠮᠦᠴᠢᠨ ᠬᠤᠰᠢᠭᠤᠨ ᠤ ᠵᠠᠯᠭᠠᠯᠳᠤᠭᠰᠠᠨ ᠣᠷᠣᠨ ᠤ ᠲᠥᠷᠥᠯ ᠵᠦᠢᠯ ᠢ 19.7 ᠲᠦᠮᠡᠨ ᠮᠦ᠂ ᠬᠡᠷᠡᠯ ᠴᠡᠨᠡᠭ ᠢᠶᠠᠷ | ᠡᠯᠡᠰᠦ ᠶᠢ ᠵᠠᠰᠠᠬᠤ ᠲᠥᠷᠥᠯ ᠵᠦᠢᠯ ᠢ 3 ᠲᠦᠮᠡᠨ ᠮᠦ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ |