ᠳᠡᠭᠡᠷ᠎ᠡ ᠬᠠᠭᠠᠰ ᠵᠢᠯ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠲᠦᠯᠬᠢᠨ | ᠠᠬᠢᠭᠤᠯᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 13 ᠵᠦᠢᠯ ᠤᠨ ᠠᠰᠠᠭᠤᠳᠠᠯ ᠤᠨ 8 ᠵᠦᠢᠯ ᠢ ᠰᠢᠢᠳᠪᠦᠷᠢᠯᠡᠵᠦ ᠳᠠᠭᠤᠰᠬᠠᠨ᠂ | 2 ᠵᠦᠢᠯ ᠤᠨ ᠠᠰᠠᠭᠤᠳᠠᠯ ᠤᠨ ᠰᠢᠢᠳᠪᠦᠷᠢᠯᠡᠬᠦ ᠨᠥᠬᠦᠴᠡᠯ ᠢ ᠪᠦᠷᠢᠳᠦᠭᠦᠯᠵᠦ᠂ ᠦᠯᠡᠳᠡᠭᠰᠡᠨ 3 ᠵᠦᠢᠯ ᠤᠨ ᠠᠰᠠᠭᠤᠳᠠᠯ ᠢ | ᠴᠠᠭ ᠤᠨ ᠳᠠᠷᠠᠭᠠᠯᠠᠯ ᠢᠶᠠᠷ ᠰᠢᠢᠳᠪᠦᠷᠢᠯᠡᠬᠦ ᠠᠬᠢᠴᠠ ᠳᠤ ᠬᠦᠷᠭᠡᠪᠡ᠃ ᠬᠦᠯᠢᠶᠡᠨ ᠠᠪᠤᠭᠰᠠᠨ 19 ᠬᠤᠪᠢ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠪᠦᠬᠦᠨ ᠢ ᠳᠡᠭᠡᠭᠰᠢ ᠮᠡᠳᠡᠭᠦᠯᠦᠨ ᠰᠢᠢᠳᠪᠦᠷᠢᠯᠡᠵᠦ ᠳᠠᠭᠤᠰᠬᠠᠪᠠ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠴᠠᠭ ᠪᠦᠷᠢ 65 ᠲᠣᠨ ᠠᠴᠠ ᠳᠡᠭᠡᠭᠰᠢ ᠨᠡᠭᠦᠷᠡᠰᠦ ᠰᠢᠲᠠᠭᠠᠬᠤ | ᠭᠦᠸᠧᠯᠦ ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠬᠦᠯᠵᠦ᠂ ᠲᠠᠷᠠᠬᠠᠢ ᠪᠤᠲᠠᠷᠬᠠᠢ ᠡᠮᠬᠢ | ᠵᠠᠮᠪᠠᠷᠠᠭ᠎ᠠ ᠦᠭᠡᠢ ᠪᠣᠬᠢᠷᠲᠤᠯ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠪᠠ ᠲᠠᠷᠠᠬᠠᠢ ᠪᠤᠲᠠᠷᠬᠠᠢ ᠠᠭᠤᠷᠬᠠᠢ ᠶᠢ | ᠵᠠᠰᠠᠬᠤ ᠠᠵᠢᠯ ᠢ ᠪᠠᠶᠢᠩᠭᠤ ᠥᠷᠨᠢᠭᠦᠯᠪᠡ᠃ 1—6 ᠰᠠᠷ᠎ᠠ ᠳᠤ᠂ ᠮᠠᠨ ᠤ ᠬᠤᠰᠢᠭᠤᠨ ᠤ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 97.8% ᠳᠤ ᠬᠦᠷᠴᠦ᠂ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠪᠥᠬᠦ | ᠠᠶᠢᠮᠠᠭ ᠤᠨ ᠬᠤᠶᠠᠳᠤᠭᠠᠷ ᠲᠤ ᠣᠷᠣᠵᠤ᠂ ᠪᠥᠬᠦ ᠣᠷᠣᠨ ᠤ ᠭᠤᠷᠪᠠᠳᠤᠭᠠᠷ ᠲᠤ ᠣᠷᠣᠪᠠ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠪᠣᠬᠢᠷ ᠤᠰᠤ ᠰᠢᠢᠳᠪᠦᠷᠢᠯᠡᠬᠦ 2 ᠦᠢᠯᠡᠳᠪᠦᠷᠢ ᠶᠢ ᠪᠠᠷᠢᠮᠵᠢᠶ᠎ᠠ ᠳᠤ ᠬᠦᠷᠦᠭᠦᠯᠦᠨ ᠤᠰᠤ | ᠭᠠᠳᠠᠭᠰᠢᠯᠠᠭᠤᠯᠵᠤ᠂ ᠬᠤᠲᠠ ᠪᠠᠯᠭᠠᠰᠤᠨ ᠤ ᠲᠥᠪᠯᠡᠷᠡᠩᠭᠦᠢ ᠮᠠᠶ᠋ᠢᠭ ᠤᠨ 1 ᠤᠤᠭᠤᠬᠤ ᠤᠰᠤᠨ ᠤ ᠡᠬᠢ ᠰᠤᠷᠪᠤᠯᠵᠢ ᠶᠢᠨ | ᠭᠠᠵᠠᠷ ᠤᠨ ᠤᠰᠤᠨ ᠤ ᠴᠢᠨᠠᠷ ᠢ ᠲᠣᠭᠲᠠᠭᠤᠨ ᠪᠠᠶᠢᠯᠭᠠᠵᠤ᠂ ᠰᠤᠮᠤ ᠪᠠᠯᠭᠠᠰᠤ᠂ ᠭᠠᠴᠠᠭᠠᠨ ᠠᠴᠠ ᠪᠠᠶᠢᠴᠠᠭᠠᠨ | ᠢᠯᠡᠷᠡᠭᠦᠯᠦᠭᠰᠡᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ 6 ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠦ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠦ᠂ ᠠᠶᠤᠯᠲᠠᠢ ᠬᠠᠶᠠᠭᠳᠠᠮᠠᠯ ᠪᠣᠳᠠᠰ ᠢ 12 ᠤᠳᠠᠭ᠎ᠠ ᠪᠠᠶᠢᠴᠠᠭᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ | 3 ᠨᠢᠭᠡᠴᠡ ᠶᠢ ᠱᠠᠭᠠᠷᠳᠠᠨ᠂ ᠬᠥᠷᠥᠰᠥ ᠰᠢᠷᠣᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 28 | ᠲᠣᠨ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ 5 | ᠦᠯᠡᠳᠡᠭᠳᠡᠯ ᠬᠦᠳᠡᠷ ᠤᠨ ᠬᠥᠮᠥᠷᠭᠡ ᠶᠢ ᠵᠢᠭᠰᠠᠭᠠᠨ ᠪᠠᠶᠢᠴᠠᠭᠠᠪᠠ᠃ ᠣᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠵᠦ᠂ 17 ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠢᠨᠠᠨ ᠡᠵᠡᠮᠳᠡᠬᠦ | ᠲᠥᠷᠥᠯ ᠵᠦᠢᠯ ᠢ ᠪᠠᠶᠢᠭᠤᠯᠪᠠ᠃ |