ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ ᠤᠷᠢᠵᠦ ᠪᠡᠯᠡ ᠲᠠᠲᠠᠬᠤ ᠠᠵᠢᠯ ᠤᠨ ᠲᠤᠭ᠎ᠠ
ᠨᠡᠶᠢᠲᠡᠯᠡᠭᠰᠡᠨ ᠴᠠᠭ᠄
2024/7/30
      ᠳᠡᠭᠡᠷ᠎ᠡ ᠬᠠᠭᠠᠰ ᠵᠢᠯ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠵᠢᠯ ᠤᠨ ᠡᠬᠢᠨ ᠤ ᠠᠩᠬᠠᠳᠤᠭᠠᠷ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ᠂ ᠲᠢᠶᠠᠨᠵᠢᠨ᠂ ᠵᠢᠶᠠᠩᠰᠤ᠂ ᠹᠦᠵᠢᠶᠠᠨ᠂ ᠵᠧᠵᠢᠶᠠᠩ᠂ ᠯᠢᠶᠣᠤᠨᠢᠩ ᠵᠡᠷᠭᠡ ᠣᠯᠠᠨ ᠭᠠᠵᠠᠷ ᠲᠤ ᠲᠤᠰᠬᠠᠢ ᠲᠠᠯᠠᠪᠤᠷ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠠᠶᠢᠴᠠᠭᠠᠯᠲᠠ ᠶᠢ ᠨᠡᠶᠢᠲᠡ 26 ᠤᠳᠠᠭ᠎ᠠ ᠥᠷᠨᠢᠭᠦᠯᠪᠡ᠃ ᠡᠭᠦᠨ ᠳᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ 4 ᠤᠳᠠᠭ᠎ᠠ ᠬᠤᠳᠠᠯᠳᠤᠭᠠᠴᠢᠨ ᠤᠷᠢᠵᠤ᠂ 62 ᠲᠥᠷᠥᠯ ᠵᠦᠢᠯ ᠢ ᠬᠡᠯᠡᠯᠴᠡᠵᠦ᠂ 14 ᠲᠥᠷᠥᠯ ᠵᠦᠢᠯ ᠲᠠᠢ ᠭᠡᠷ᠎ᠡ ᠲᠣᠭᠲᠠᠵᠤ᠂ 4 ᠲᠥᠷᠥᠯ ᠵᠦᠢᠯ ᠢ ᠨᠠᠶᠢᠳᠠᠪᠤᠷᠢᠵᠢᠭᠤᠯᠤᠨ᠂ 5 ᠲᠥᠷᠥᠯ ᠵᠦᠢᠯ ᠢ ᠠᠵᠢᠯ ᠡᠬᠢᠯᠡᠭᠦᠯᠵᠦ᠂ ᠣᠷᠣᠨ ᠤ ᠭᠠᠳᠠᠨᠠᠬᠢ 42.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠣᠨ ᠤ ᠡᠭᠦᠷᠭᠡ ᠶᠢᠨ 69.6% ᠶᠢ ᠪᠡᠶᠡᠯᠡᠭᠦᠯᠵᠦ᠂ ᠪᠥᠬᠦ ᠠᠶᠢᠮᠠᠭ ᠤᠨ ᠨᠢᠭᠡᠳᠦᠭᠡᠷ ᠲᠤ ᠤᠷᠤᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号