ᠳᠡᠭᠡᠷ᠎ᠡ ᠬᠠᠭᠠᠰ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠪᠠᠷᠠᠭᠤᠨ | ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ | ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 48 ᠵᠦᠢᠯ ᠤᠨ ᠠᠵᠢᠯ ᠤᠨ ᠡᠭᠦᠷᠭᠡ᠂ 91 ᠵᠦᠢᠯ ᠤᠨ ᠠᠷᠭ᠎ᠠ ᠬᠡᠮᠵᠢᠶ᠎ᠡ ᠶᠢ | ᠲᠣᠳᠣᠷᠬᠠᠶᠢᠯᠠᠨ᠂ 8 ᠵᠦᠢᠯ ᠤᠨ ᠠᠵᠢᠯ ᠤᠨ ᠡᠭᠦᠷᠭᠡ᠂ 11 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠭᠦᠨᠵᠡᠭᠡᠢ | ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠨ᠂ | 12345 ᠤᠲᠠᠰᠤᠨ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ 1—6 | ᠰᠠᠷ᠎ᠠ ᠳᠤ ᠨᠡᠶᠢᠲᠡ 2498 ᠬᠤᠪᠢ ᠠᠰᠠᠭᠤᠳᠠᠯ ᠢ ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99. | 47%᠂ ᠰᠢᠢᠳᠪᠦᠷᠢᠯᠡᠭᠰᠡᠨ ᠨᠣᠷᠮ᠎ᠠ 99.95%᠂ ᠬᠠᠨᠤᠮᠵᠢ ᠶᠢᠨ ᠨᠣᠷᠮ᠎ᠠ 99.95% ᠳᠤ ᠬᠥᠷᠪᠡ᠃ ︽ᠶᠠᠪᠤᠳᠠᠯ | ᠪᠦᠬᠦᠨ ᠢ ᠥᠨᠳᠥᠷ ᠪᠦᠲᠦᠮᠵᠢᠲᠡᠶ ᠪᠦᠲᠦᠭᠡᠬᠦ︾ ᠪᠠᠷ 13 ᠭᠤᠣᠯᠳᠠᠯᠭ᠎ᠠ ᠲᠠᠢ ᠳᠦᠷᠦᠯ ᠵᠦᠢᠯ ᠢ ᠪᠦᠬᠦᠨ ᠢ | ᠰᠦᠯᠵᠢᠶᠡᠨ ᠳᠤ ᠣᠷᠣᠭᠤᠯᠤᠨ ᠲᠤᠷᠰᠢᠨ ᠠᠵᠢᠯᠯᠠᠭᠤᠯᠵᠤ᠂ ᠨᠡᠶᠢᠲᠡ 2256 ᠵᠦᠢᠯ ᠢ ᠭᠦᠢᠴᠡᠳᠬᠡᠪᠡ᠃ ᠬᠠᠪᠰᠤᠷᠤᠨ | ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ 80 ᠲᠥᠷᠥᠯ ᠵᠦᠢᠯ ᠢ | ᠬᠠᠪᠰᠤᠷᠤᠨ ᠡᠷᠭᠢᠯᠡᠵᠦ᠂ 1.5 ᠲᠦᠮᠡ ᠭᠠᠷᠤᠢ ᠵᠦᠢᠯ ᠢ ᠭᠦᠢᠴᠡᠳᠬᠡᠪᠡ᠃ ᠲᠤᠭᠠᠴᠢᠯᠠᠭᠰᠠᠨ ᠵᠠᠰᠠᠭ ᠤᠨ ᠶᠠᠪᠤᠳᠠᠯ ᠤᠨ | ᠡᠭᠦᠳᠡᠨ ᠫᠠᠶᠢᠰᠠ ᠶᠢ ᠰᠢᠨ᠎ᠡ ᠶᠢ ᠡᠭᠦᠳᠦᠨ ᠭᠠᠷᠭᠠᠵᠤ᠂ ᠰᠤᠷᠪᠤᠯᠵᠢᠯᠠᠭᠰᠠᠨ ᠶᠡᠷᠦᠩᠬᠡᠢ ᠬᠡᠮᠵᠢᠶ᠎ᠡ ᠨᠢ 1 ᠲᠦᠮᠡ ᠭᠠᠷᠤᠢ | ᠬᠥᠮᠥᠨ ᠤᠳᠠᠭ᠎ᠠ ᠳᠤ ᠬᠦᠷᠪᠡ᠃ |