ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 29᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ 30 ᠭᠡᠰᠢᠭᠦᠨ ᠠᠴᠠ 24 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃
   ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂ ᠡᠷᠳᠡᠨᠢᠰᠦ᠋ᠷᠦᠭ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ᠂ ᠬᠤᠰᠢᠭᠤ ᠳᠡᠳ᠋ ᠳᠠᠷᠤᠭ᠎ᠠ ᠮᠠ ᠮᠢᠩ᠂ ᠠᠷᠠᠳ ᠤᠨ ᠰᠢᠭᠦᠬᠦ  ᠬᠤᠷᠢᠶᠠᠨ ᠤ ᠳᠠᠷᠤᠭ᠎ᠠ ᠯᠢ ᠹᠧᠢ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠤᠶᠠᠩᠭ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠷᠠᠳ ᠎ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃
    ᠬᠤᠷᠠᠯ ᠳᠤ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠲᠦᠭᠡᠮᠡᠯᠵᠢᠭᠦᠯᠦᠯᠲᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠎ ᠤᠨ ᠲᠤᠬᠠᠢ ᠲᠤᠰᠬᠠᠢ ᠠᠵᠢᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠤᠨ ᠲᠤᠬᠠᠢ ᠮᠡᠳᠡᠭᠦᠯᠦᠯᠲᠡ᠂ 2023 ᠣᠨ ᠤ ᠠᠵᠤ ᠠᠬᠤᠶᠢᠯᠠᠯ ᠎ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠤᠨ ᠨᠡᠷ᠎ᠡ ᠶᠢ ᠬᠠᠯᠠᠬᠤ ᠲᠤᠬᠠᠢ ᠲᠣᠭᠲᠠᠭᠠᠯ ︵ᠲᠥᠰᠥᠯ︶︾᠂ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠦᠷᠢᠮᠵᠢᠭᠦᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠷᠭ᠎ᠠ ︵ᠵᠠᠰᠠᠪᠤᠷᠢ ᠣᠷᠣᠭᠤᠯᠬᠤ ᠲᠥᠰᠥᠯ︶︾᠎ ᠶᠢ ᠬᠢᠨᠠᠨ ᠵᠥᠪᠯᠡᠪᠡ᠃ ᠬᠤᠷᠠᠯ ᠳᠤ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号