ᠳᠡᠭᠡᠷ᠎ᠡ ᠬᠠᠭᠠᠰ ᠵᠢᠯ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/7/31
      ᠳᠡᠭᠡᠷ᠎ᠡ ᠬᠠᠭᠠᠰ ᠵᠢᠯ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 22.5 ᠲᠦᠮᠡᠨ ᠲᠥᠭᠦᠷᠢᠭ ᠣᠷᠣᠯᠠᠨ ᠲᠤᠰᠢᠶᠠᠵᠤ᠂ ︽ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ︾᠎ ᠤᠨ ᠪᠡᠯᠡ ᠮᠥᠩᠭᠦ ᠶᠢ 50 ᠲᠦᠮᠡᠨ ᠲᠥᠭᠦᠷᠢᠭ ᠣᠷᠣᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠲᠠᠢ ᠬᠠᠷᠢᠯᠴᠠᠨ᠂ ᠶᠠᠳᠠᠭᠤ ᠠᠴᠠ ᠠᠩᠭᠢᠵᠢᠷᠠᠭᠤᠯᠤᠭᠰᠠᠨ 263 ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠶᠢ 1294 ᠲᠦᠮᠡᠨ ᠲᠥᠭᠦᠷᠢᠭ ᠲᠠᠷᠬᠠᠭᠠᠵᠤ᠂ ︽ᠬᠤᠷ᠎ᠠ ᠪᠣᠷᠣᠭᠠᠨ ᠤ ᠲᠥᠯᠥᠪᠯᠡᠭᠡ︾᠎ ᠶᠢᠨ ᠨᠥᠬᠦᠪᠦᠷᠢ ᠶᠢ 13 ᠬᠥᠮᠥᠨ ᠳᠤ 1.95 ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠶᠠᠳᠠᠭᠤ ᠎ ᠠᠴᠠ ᠠᠩᠭᠢᠵᠢᠷᠠᠭᠰᠠᠨ ᠭᠡᠷ ᠪᠦᠯᠢ ᠶᠢᠨ 30 ᠬᠥᠳᠡᠯᠮᠦᠷᠢ ᠬᠦᠴᠦᠨ ᠢ ᠲᠣᠬᠢᠷᠠᠭᠤᠯᠪᠠ᠃ 4188 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠮᠠᠯᠵᠢᠬᠤ ᠣᠷᠣᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ 1 ᠴᠡᠭᠡ ᠡᠳ᠋ᠰᠢᠭᠦᠯᠬᠦ ᠦᠢᠯᠡᠳᠪᠦᠷᠢ ᠵᠢᠴᠢ ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ 8 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ᠂ 3 ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ   ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠲᠠᠲᠠᠵᠤ ᠡᠷᠦᠬᠡ ᠳᠤ ᠣᠷᠣᠭᠤᠯᠬᠤ ᠢᠨᠵᠧᠨᠧᠷᠢᠩ ᠢ 66 ᠭᠠᠵᠠᠷ ᠲᠤ ᠬᠡᠷᠡᠭᠵᠢᠭᠦᠯᠵᠦ᠂ 97 ᠤᠰᠤᠨ ᠬᠤᠳᠳᠤᠭ ᠢ ᠪᠦᠲᠦᠭᠡᠨ ᠪᠠᠶᠢᠭᠤᠯᠪᠠ᠃ 300 ᠮᠠᠯᠵᠢᠬᠤ ᠡᠷᠦᠬᠡ ᠳᠤ ᠰᠢᠨ᠎ᠡ ᠪᠠᠷ ᠴᠠᠬᠢᠯᠭᠠᠨ ᠨᠡᠪᠲᠡᠷᠡᠬᠦᠯᠵᠦ᠂ 130 ᠡᠷᠦᠬᠡ ᠶᠢᠨ ᠴᠠᠬᠢᠯᠭᠠᠨ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ 75 ᠡᠷᠦᠬᠡ ᠳᠤ ᠶᠡᠭᠡ ᠴᠢᠳᠠᠮᠵᠢ ᠲᠠᠢ ᠰᠠᠯᠬᠢ ᠭᠡᠷᠡᠯ ᠢ ᠬᠠᠷᠢᠯᠴᠠᠨ ᠨᠥᠬᠦᠪᠦᠷᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠪᠠ᠃ 8 ᠵᠤᠷᠪᠤᠰ 84.9 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ᠃ ᠮᠠᠯᠵᠢᠬᠤ ᠣᠷᠣᠨ ᠤ 2 ᠡᠷᠥᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠪᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ 50 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ  ᠴᠢᠭ 11᠂ ᠰᠤᠮᠤ ᠪᠠᠯᠭᠠᠰᠤᠨ ᠳᠤ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 5᠎ ᠶᠢ ᠪᠠᠶᠢᠭᠤᠯᠵᠤ᠂ 5480 ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠩᠭᠢ ᠶᠢ 88 ᠵᠣᠬᠢᠶᠠᠨ ᠪᠠᠶᠢᠭᠤᠯᠵᠤ᠂ ᠦᠢᠯᠡᠴᠢᠯᠡᠭᠡᠨ ᠢ 7335 ᠤᠳᠠᠭ᠎ᠠ ᠥᠷᠨᠢᠭᠦᠯᠪᠡ᠃ ᠪᠠᠶ᠋ᠬᠠᠷᠬᠡᠳᠤ᠂ ᠪᠠᠶᠠᠨᠬᠦ᠋ᠪᠡᠭᠡ᠂ ᠵᠢᠷ ᠤᠨ ᠭᠤᠣᠯ ᠵᠡᠷᠭᠡ 3 ᠭᠠᠴᠠᠭ᠎ᠠ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭᠠᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号