ᠳᠡᠭᠡᠷ᠎ᠡ ᠬᠠᠭᠠᠰ ᠵᠢᠯ ᠤᠨ ᠠᠵᠢᠯ ᠣᠯᠭᠤᠬᠤ ᠠᠵᠢᠯ ᠤᠨ ᠲᠠᠯ᠎ᠠ ᠪᠠᠷ
ᠨᠡᠶᠢᠲᠡᠯᠡᠭᠰᠡᠨ ᠴᠠᠭ᠄
2024/7/31
     ᠳᠡᠭᠡᠷ᠎ᠡ ᠬᠠᠭᠠᠰ ᠵᠢᠯ ᠤᠨ ᠠᠵᠢᠯ ᠣᠯᠭᠤᠬᠤ ᠠᠵᠢᠯ ᠤᠨ ᠲᠠᠯ᠎ᠠ ᠪᠠᠷ᠃ ᠠᠵᠢᠯ ᠣᠯᠭᠤᠯᠲᠠ ᠶᠢ ᠲᠤᠭᠳᠠᠭᠤᠨ ᠢᠶᠠᠷ ᠠᠬᠢᠭᠤᠯᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ 1491 ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ 401ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠮᠠᠯᠵᠢᠬᠤ ᠣᠷᠣᠨ ᠤ 4127 ᠬᠤᠲᠠ ᠤᠷᠤᠭᠰᠠᠳ ᠲᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 1.6%᠎ ᠳᠤ ᠬᠦᠷᠭᠡᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠠᠶᠢᠴᠢᠯᠠᠵᠦ᠂ 37 ᠡᠷᠦᠬᠡ ᠳᠤ 833 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 14 ᠬᠤᠭᠤᠴᠠᠭ᠎ᠠ ᠡᠷᠭᠢᠯᠡᠵᠦ᠂ 483 ᠬᠥᠮᠥᠨ ᠢ ᠪᠣᠯᠪᠠᠰᠤᠷᠠᠭᠤᠯᠵᠤ᠂ 178 ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ 33 ᠲᠦᠮᠡᠨ ᠲᠥᠭᠦᠷᠢᠭ ᠢ ᠣᠯᠭᠤᠪᠠ᠃ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠎ ᠶᠢ ᠬᠠᠤᠯᠢ ᠶᠣᠰᠣᠭᠠᠷ ᠪᠠᠲᠤᠯᠠᠵᠤ᠂ ᠴᠠᠯᠢᠩ ᠦᠷᠢᠳᠦᠭᠰᠡᠨ 220 ᠵᠠᠭᠠᠯᠳᠤᠯᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 690 ᠬᠥᠳᠡᠯᠮᠦᠷᠢᠴᠢᠨ ᠤ 823 ᠲᠦᠮᠡᠨ ᠲᠥᠭᠦᠷᠢᠭ ᠤᠨ ᠴᠠᠯᠢᠩ ᠲᠠᠢ ᠬᠤᠯᠪᠤᠭᠳᠠᠵᠤ᠂ 214 ᠬᠡᠷᠡᠭ ᠎ ᠢ ᠨᠢᠭᠡᠨᠳᠡ ᠰᠢᠢᠳᠪᠦᠷᠢᠯᠡᠨ ᠳᠠᠭᠤᠰᠬᠠᠵᠤ᠂ ᠦᠯᠡᠳᠡᠭᠰᠡᠨ 6 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号