ᠪᠠᠷᠠᠭᠤᠨ ᠦᠵᠦᠮᠦᠴᠢᠨ ᠬᠤᠰᠢᠭᠤ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠶᠢ ᠪᠠᠲᠤ ᠴᠡᠭᠡᠵᠢᠯᠡᠵᠦ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠭ ᠢ ᠠᠮᠵᠢᠨ | ᠰᠢᠷᠭᠠᠭᠤ ᠲᠡᠮᠡᠴᠡᠬᠦ ᠵᠣᠷᠢᠭ ᠰᠠᠨᠠᠭ᠎ᠠ ᠪᠠᠷ 2024 ᠣᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ︽ | ᠬᠠᠮᠲᠤᠷᠠᠭᠰᠠᠨ ᠳᠠᠶᠢᠯᠠᠯᠳᠤᠭᠠᠨ︾ ᠢ ᠪᠦᠬᠦ ᠲᠠᠯ᠎ᠠ ᠪᠠᠷ ᠡᠬᠢᠯᠡᠭᠦᠯᠵᠡᠢ᠃ | ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠦᠵᠦᠮᠦᠴᠢᠨ ᠣᠷᠣᠨ ᠤ ᠡᠯᠡᠰᠦᠷᠬᠡᠭᠵᠢᠭᠰᠡᠨ ᠰᠢᠯᠲᠠᠭᠠᠨ ᠢ ᠭᠦᠢᠴᠡᠳ ᠵᠠᠳᠠᠯᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠵᠠᠰᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ | ᠦᠵᠦᠮᠦᠴᠢᠨ ᠤ ᠡᠯᠡᠰᠦᠷᠬᠡᠭ ᠭᠠᠵᠠᠷ ᠢ ᠪᠤᠢ ᠪᠣᠯᠭᠠᠭᠰᠠᠨ ᠬᠥᠮᠥᠨ ᠤ ᠬᠦᠴᠦᠨ ᠵᠦᠢᠯ ᠪᠣᠯᠣᠨ ᠪᠠᠶᠢᠭᠠᠯᠢ ᠶᠢᠨ | ᠬᠦᠴᠦᠨ ᠵᠦᠢᠯ ᠳᠤ ᠴᠢᠭᠯᠡᠭᠦᠯᠦᠨ᠂ ᠠᠮᠢ ᠠᠬᠤᠢ ᠶᠢ ᠰᠡᠷᠭᠦᠭᠡᠬᠦ ᠶᠢ ᠮᠠᠯ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠬᠤ ᠲᠠᠢ ᠤᠶᠠᠯᠳᠤᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠢ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠬᠠᠤ ᠲᠠᠢ ᠤᠶᠠᠯᠳᠤᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃ | ᠣᠶᠢᠷ᠎ᠠ ᠶᠢᠨ ᠬᠤᠭᠤᠴᠠᠭᠠᠨ ᠳᠤ᠂ ᠰᠤᠷᠪᠤᠯᠵᠢᠯᠠᠭᠴᠢ ᠪᠠᠶᠠᠨᠬᠤᠸᠠ ᠪᠠᠯᠭᠠᠰᠤᠨ ᠤ ᠡᠷᠳᠡᠨᠢᠪᠤᠯᠠᠭ ᠭᠠᠴᠠᠭᠠᠨ ᠤ | ᠡᠯᠡᠰᠦ ᠶᠢ ᠵᠠᠰᠠᠬᠤ ᠣᠷᠣᠨ ᠳᠤ ᠬᠦᠷᠬᠦ ᠳᠤ ᠬᠡᠳᠦᠨ ᠠᠷᠪᠠᠨ ᠠᠵᠢᠯᠴᠢᠳ ᠶᠠᠭ ᠰᠠᠶᠢᠬᠠᠨ ᠬᠥᠮᠥᠨ ᠤ ᠬᠦᠴᠦ ᠪᠠᠷ | ᠡᠪᠡᠰᠦᠨ ᠦᠷ᠎ᠡ ᠰᠠᠴᠤᠵᠤ ᠪᠠᠶᠢᠬᠤ ᠲᠠᠢ ᠲᠠᠭᠠᠷᠠᠯᠳᠤᠪᠠ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠣᠳᠣᠬᠠᠨ ᠳᠤ ᠭᠤᠣᠯᠳᠠᠭᠤ | ᠵᠤᠷᠪᠤᠰᠯᠠᠨ ᠲᠠᠷᠢᠬᠤ᠂ ᠬᠥᠮᠥᠨ ᠤ ᠬᠦᠴᠦ ᠪᠠ ᠮᠠᠰᠢᠨ ᠢᠶᠠᠷ ᠳᠠᠷᠢᠬᠤ ᠠᠷᠭ᠎ᠠ ᠮᠠᠶ᠋ᠢᠭ ᠢ ᠠᠪᠴᠤ᠂ ᠪᠢᠲᠡᠭᠦᠮᠵᠢᠯᠡᠬᠦ | ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢᠶᠠᠷ ᠨᠡᠭᠦᠳᠡᠯ ᠡᠯᠡᠰᠦ ᠶᠢ ᠲᠣᠭᠲᠠᠮᠠᠯ ᠡᠯᠡᠰᠦ ᠪᠣᠯᠭᠠᠨ ᠬᠤᠪᠢᠷᠠᠭᠤᠯᠵᠤ | ᠪᠠᠶᠢᠨ᠎ᠠ ᠭᠡᠵᠡᠢ᠃ | ᠣᠶᠢᠯᠠᠭᠠᠭᠰᠠᠨ ᠢᠶᠠᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠣᠷᠣᠨ ᠤ | ᠵᠠᠰᠠᠯᠲᠠ ᠶᠢᠨ ᠬᠡᠪᠴᠢᠶ᠎ᠡ ᠨᠢ ᠵᠡᠭᠦᠨᠰᠢ ᠪᠠᠷᠠᠭᠤᠨᠰᠢ ᠪᠠᠨ ᠪᠠᠷᠤᠭ 150km᠂ ᠡᠮᠦᠨᠡᠰᠢ ᠤᠮᠠᠷᠠᠰᠢ ᠪᠠᠷᠤᠭ | 15km᠂ ᠲᠠᠯᠠᠪᠠᠶ ᠨᠢ 434.63 ᠲᠦᠮᠡᠨ ᠮᠦ ᠪᠠᠶᠢᠵᠤ᠂ ᠮᠠᠨ ᠤ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠬᠡᠪᠴᠢᠶᠡᠨ ᠳᠠᠬᠢ ᠡᠯᠡᠰᠦᠷᠬᠡᠭᠵᠢᠭᠰᠡᠨ ᠭᠠᠵᠠᠷ ᠤᠨ ᠶᠡᠷᠦᠩᠬᠡᠢ ᠲᠠᠯᠠᠪᠠᠶ ᠨᠢ 338.06 | ᠲᠦᠮᠡᠨ ᠮᠦ ᠪᠠᠶᠢᠵᠤ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 10.03% ᠶᠢ | ᠡᠵᠡᠯᠡᠭᠰᠡᠨ ᠪᠠᠶᠢᠨ᠎ᠠ᠃ | 2000 ᠣᠨ ᠠᠴᠠ ᠨᠠᠰᠢ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠥᠪᠥᠷ ᠮᠣᠩᠭᠤᠯ ᠤᠨ | ᠥᠨᠳᠦᠷᠯᠢᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠳᠤ ᠲᠦᠰᠢᠭᠯᠡᠨ᠂ ︽ᠵᠣᠬᠢᠰᠲᠠᠢ ᠲᠥᠯᠥᠪᠵᠢᠭᠦᠯᠬᠦ᠂ ᠲᠥᠪᠯᠡᠷᠡᠭᠦᠯᠦᠨ ᠵᠠᠯᠭᠠᠯᠳᠤᠭᠤᠯᠬᠤ᠂ | ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠵᠠᠰᠠᠬᠤ︾ ᠵᠠᠰᠠᠯᠲᠠ ᠶᠢᠨ ᠵᠠᠷᠴᠢᠮ ᠶᠣᠰᠣᠭᠠᠷ᠂ | ᠬᠠᠯᠬᠠᠪᠴᠢ ᠶᠢᠨ ᠲᠦᠷᠦᠯ ᠬᠡᠯᠪᠡᠷᠢ ᠪᠣᠯᠣᠨᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ | ᠪᠦᠲᠦᠮᠵᠢ ᠪᠠᠷ ᠨᠡᠯᠢᠶᠡᠳ ᠰᠠᠶᠢᠨ ᠮᠡᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠡᠯᠡᠰᠦ ᠶᠢ | ᠲᠣᠭᠲᠠᠪᠤᠷᠢᠵᠢᠭᠤᠯᠬᠤ ᠠᠮᠢᠳᠤ ᠪᠣᠳᠠᠰ ᠤᠨ ᠬᠠᠯᠬᠠᠪᠴᠢ ᠶᠢᠨ ᠮᠡᠷᠭᠡᠵᠢᠯ ᠢ ᠢᠳᠡᠪᠬᠢᠲᠡᠢ ᠪᠠᠷ ᠳᠡᠯᠭᠡᠷᠡᠭᠦᠯᠦᠨ | ᠬᠡᠷᠡᠭᠯᠡᠵᠦ᠂ ᠮᠠᠰᠢᠨ ᠬᠢᠭᠡᠳ ᠬᠥᠮᠥᠨ ᠤ ᠬᠦᠴᠦ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠬᠡᠷᠡᠭᠯᠡᠨ᠂ ᠰᠢᠷ᠎ᠠ | ᠪᠤᠷᠭᠠᠰᠤ ᠪᠣᠯᠣᠨ ᠵᠢᠵᠢᠭ ᠨᠠᠪᠴᠢᠲᠤ ᠬᠠᠷᠭᠠᠨ᠎ᠠ ᠶᠢᠨ ᠦᠷ᠎ᠡ ᠶᠢ ᠵᠤᠷᠪᠤᠰᠯᠠᠨ ᠲᠠᠷᠢᠬᠤ ᠶᠢ ᠬᠠᠷᠢᠯᠴᠠᠨ | ᠤᠶᠠᠯᠳᠤᠭᠤᠯᠤᠭᠰᠠᠨ ᠡᠯᠡᠰᠦᠨ ᠬᠠᠯᠬᠠᠪᠴᠢ ᠪᠠᠶᠢᠷᠢᠯᠠᠭᠤᠯᠬᠤ ᠮᠡᠷᠭᠡᠵᠢᠯ ᠢ ᠬᠡᠷᠡᠭᠯᠡᠵᠦ᠂ ᠲᠤᠷᠤᠭ᠂ ᠪᠤᠲᠠᠯᠢᠭ | ᠤᠷᠭᠤᠮᠠᠯ᠂ ᠡᠪᠡᠰᠦ ᠲᠠᠷᠢᠬᠤ ᠶᠢ ᠪᠠᠶᠢᠷᠢᠯᠠᠭᠤᠯᠬᠤ ᠪᠠᠷ ᠳᠠᠮᠵᠢᠭᠤᠯᠤᠨ᠂ 2000 - 2022 ᠣᠨ ᠳᠤ ᠨᠡᠶᠢᠳᠡ | 165 .05 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠵᠤ᠂ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ | ᠬᠠᠮᠠᠭᠠᠯᠠᠨ ᠰᠡᠷᠭᠦᠭᠡᠵᠦ᠂ ᠤᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ | ᠬᠡᠮᠵᠢᠶ᠎ᠡ ᠶᠢ ᠮᠡᠳᠡᠭᠳᠡᠬᠦᠶᠢᠴᠡ ᠳᠡᠭᠡᠭᠰᠢᠯᠡᠭᠦᠯᠵᠦ᠂ ᠡᠯᠡᠰᠦᠨ ᠲᠤᠪᠤ ᠶᠢᠨ ᠲᠠᠯᠠᠪᠠᠢ ᠶᠢ ᠮᠡᠳᠡᠭᠳᠡᠬᠦᠶᠢᠴᠡ ᠪᠠᠭᠠᠰᠬᠠᠵᠤ᠂ | ᠣᠷᠣᠨ ᠪᠦᠰᠡ ᠶᠢᠨ ᠠᠮᠢ ᠠᠬᠤᠢ ᠶᠢᠨ ᠪᠠᠶᠢᠳᠠᠯ ᠢ ᠢᠯᠡᠳᠳᠡ ᠰᠠᠶᠢᠵᠢᠷᠠᠭᠤᠯᠤᠨ᠂ ᠬᠥᠷᠥᠰᠥ ᠰᠢᠷᠣᠢ ᠶᠢᠨ ᠢᠳᠡᠭᠳᠡᠯ | ᠪᠠ ᠰᠠᠯᠬᠢᠨ ᠳᠤ ᠢᠳᠡᠭᠳᠡᠵᠦ ᠡᠯᠡᠰᠦᠷᠬᠡᠭᠵᠢᠬᠦ ᠪᠠᠶᠢᠳᠠᠯ ᠢ ᠬᠤᠷᠢᠭᠯᠠᠵᠤ᠂ ᠠᠮᠢ ᠠᠬᠤᠢ ᠶᠢᠨ ᠮᠠᠭᠤᠳᠠᠬᠤ | ᠬᠠᠨᠳᠤᠰᠢ ᠶᠢ ᠦᠨᠳᠦᠰᠦᠨ ᠳᠡᠭᠡᠨ ᠬᠢᠵᠠᠭᠠᠷᠯᠠᠭᠰᠠᠨ ᠪᠠᠶᠢᠨ᠎ᠠ᠃ | 2024 ᠣᠨ ᠠᠴᠠ 2026 ᠣᠨ ᠪᠣᠯᠲᠠᠯ᠎ᠠ ᠪᠠᠷᠠᠭᠤᠨ ᠦᠵᠦᠮᠦᠴᠢᠨ ᠬᠤᠰᠢᠭᠤᠨ ᠤ ᠡᠯᠡᠰᠦᠷᠬᠡᠭ | ᠭᠠᠵᠠᠷ ᠤᠨ ᠵᠠᠰᠠᠯᠲᠠ ᠶᠢᠨ ᠲᠠᠯᠠᠪᠠᠶ 31.4 ᠲᠦᠮᠡᠨ ᠮᠦ ᠳᠤ ᠬᠦᠷᠬᠦ ᠪᠣᠯᠣᠨ᠎ᠠ᠃ ᠡᠭᠦᠨ ᠳᠤ 2024 ᠣᠨ ᠤ | ᠪᠦᠲᠦᠭᠡᠨ ᠪᠠᠶᠢᠭᠤᠯᠤᠯᠲᠠ ᠶᠢᠨ ᠡᠭᠦᠷᠭᠡ 9.4 ᠲᠦᠮᠡᠨ ᠮᠦ ᠳᠤ ᠬᠦᠷᠴᠦ᠂ ᠬᠥᠮᠥᠨ ᠤ ᠬᠦᠴᠦ ᠪᠠᠷ ᠪᠤᠲᠠ ᠮᠣᠳᠣ | ᠳᠠᠷᠢᠬᠤ᠂ ᠬᠥᠮᠥᠨ ᠤ ᠬᠦᠴᠦ ᠪᠠᠷ ᠡᠪᠡᠰᠦ ᠳᠠᠷᠢᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠡᠯᠡᠰᠦ ᠶᠢ | ᠪᠢᠲᠡᠭᠦᠮᠵᠢᠯᠡᠨ ᠡᠪᠡᠰᠦ ᠮᠣᠳᠣ ᠲᠠᠷᠢᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠶᠢ | ᠪᠠᠭᠲᠠᠭᠠᠨ᠎ᠠ᠃ | | | | | | | | | | | | | | | | |