ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2024/7/31
    ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠤᠨ ᠪᠠᠶᠢᠭᠤᠯᠭ᠎ᠠ ᠪᠣᠯᠣᠨ᠎ᠠ᠃  ᠬᠤᠰᠢᠭᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠫᠠᠶᠢᠰᠠ ᠶᠢ ᠡᠯᠭᠦᠨ᠎ᠡ᠃    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠥᠭᠵᠢᠯᠲᠡ᠂ ᠲᠥᠯᠦᠪᠵᠢᠭᠦᠯᠭᠡ ᠪᠠ ᠥᠭᠡᠷᠡᠴᠢᠯᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠭᠦ ᠬᠤᠰᠢᠭᠤᠨ ᠤ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠢ ᠶᠢᠨ ᠡᠯ᠎ᠡ ᠳᠦᠷᠦᠯ ᠤᠨ ᠳᠦᠷᠦ ᠶᠢᠨ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠤᠨ᠎ᠠ᠃ ᠪᠥᠬᠦ ᠬᠤᠰᠢᠭᠤᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠶᠢᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠪᠦᠭᠦ ᠬᠤᠰᠢᠭᠤᠨ ᠤ ᠣᠨ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠠᠬᠢᠭᠤᠯᠤᠨ᠎ᠠ᠃     ︵ᠬᠤᠶᠠᠷ︶ ᠪᠥᠬᠦ ᠬᠤᠰᠢᠭᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠬᠤᠰᠢᠭᠤᠨ ᠤ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠬᠤᠰᠢᠭᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠥᠰᠥᠪ ᠵᠢᠴᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠵᠦ᠂ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠮᠡᠳᠡᠭᠦᠯᠵᠦ᠂ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠨᠡᠶᠢᠲᠡᠯᠡᠨ᠎ᠡ ᠃ ᠪᠥᠬᠦ ᠬᠤᠰᠢᠭᠤᠨ ᠤ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠨᠢᠭᠡᠴᠡ ᠶᠢᠨ ᠣᠨ ᠤ ᠲᠥᠰᠥᠪ ᠢ ᠬᠢᠨᠠᠨ ᠬᠠᠷᠭᠤᠭᠤᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠵᠢᠯ ᠤᠨ ᠡᠴᠦᠰ ᠤᠨ ᠳ᠋ᠦᠩᠨᠡᠨ ᠪᠤᠳᠤᠬᠤ ᠶᠠᠪᠤᠳᠠᠯ ᠢ ᠭᠦᠢᠴᠡᠳᠬᠡᠨ᠎ᠡ᠃     ︵ᠭᠤᠷᠪᠠ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠪᠡᠯᠡ ᠮᠥᠩᠭᠦ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠵᠢᠴᠢ ᠪᠤᠰᠤᠳ ᠭᠠᠶᠢᠯᠢ ᠶᠢᠨ ᠪᠤᠰᠤ ᠣᠷᠣᠯᠭ᠎ᠠ ᠶᠢ ᠲᠣᠭᠲᠠᠭᠠᠯ ᠶᠣᠰᠣᠭᠠᠷ ᠬᠠᠮᠢᠶᠠᠷᠴᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃    ︵ᠳᠥᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠢ ᠲᠣᠭᠲᠠᠭᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠥᠪ᠂ ᠲᠥᠯᠥᠪᠯᠡᠭᠡ ᠵᠡᠷᠭᠡ ᠶᠢ ᠬᠡᠷᠡᠭᠵᠢᠭᠦᠯᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃     ︵ᠲᠠᠪᠤ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠤᠯᠤᠰ ᠤᠨ ᠨᠢᠭᠡᠳᠦᠯᠲᠡᠢ ᠨᠢᠭᠲᠠᠯᠠᠨ ᠪᠤᠳᠤᠭᠴᠢ ᠶᠢᠨ ᠳᠦᠷᠢᠮ᠂ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢᠵᠢᠯᠲᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠡᠷᠡᠭᠵᠢᠭᠦᠯᠦᠯᠲᠡ ᠶᠢ ᠬᠠᠷᠢᠭᠤᠴᠠᠨ᠎ᠠ᠃    ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠨᠢᠭᠲᠠᠯᠠᠨ ᠪᠣᠳᠣᠭᠴᠢ ᠶᠢᠨ ᠣᠷᠣᠯᠠᠨ ᠳᠠᠩᠰᠠᠯᠠᠬᠤ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠵᠦ ᠬᠢᠨᠠᠯᠲᠠ ᠲᠠᠯᠪᠢᠨ᠎ᠠ᠃    ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠵᠠᠬᠢᠷᠭ᠎ᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠠ ᠳᠦᠷᠢᠮ ᠤᠨ ᠲᠣᠭᠲᠠᠭᠠᠯ ᠢ ᠬᠡᠷᠡᠭᠵᠢᠭᠦᠯᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠡᠪᠴᠢᠶ᠎ᠡ ᠶᠢ ᠡᠵᠡᠮᠳᠡᠬᠦ᠂ ᠲᠥᠰᠥᠪ ᠤᠨ ᠬᠠᠮᠢᠶᠠᠷᠤᠯᠲᠠ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠦᠷᠢᠳᠬᠡᠨ ᠵᠠᠳᠠᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠢᠭᠡᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃     ︵ᠳᠣᠯᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠴᠤ᠂ ᠪᠥᠬᠦ ᠬᠤᠰᠢᠭᠤᠨ ᠤ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠪᠠ ᠵᠠᠷᠤᠳᠠᠯ ᠤᠨ ᠬᠤᠷᠣᠭᠳᠠᠯ ᠤᠨ ᠬᠤᠰᠢᠭᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号