ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠣᠷᠣᠨ ᠤ ᠵᠠᠰᠠᠯᠲᠠ  ᠶᠢᠨ ᠲᠤᠬᠠᠢ ᠲᠤᠭ᠎ᠠ ᠪᠠᠷᠢᠮᠲᠠ
ᠨᠡᠶᠢᠲᠡᠯᠡᠭᠰᠡᠨ ᠴᠠᠭ᠄
2024/7/31
   ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠣᠷᠣᠨ ᠤ ᠵᠠᠰᠠᠯᠲᠠ ᠶᠢᠨ ᠬᠡᠪᠴᠢᠶ᠎ᠡ ᠨᠢ ᠵᠡᠭᠦᠨᠰᠢ ᠪᠠᠷᠠᠭᠤᠨᠰᠢ ᠪᠠᠨ ᠪᠠᠷᠤᠭ 150km᠂ ᠡᠮᠦᠨᠡᠰᠢ ᠤᠮᠠᠷᠠᠰᠢ ᠪᠠᠷᠤᠭ 15km᠂ ᠲᠠᠯᠠᠪᠠᠶ ᠨᠢ 434.63 ᠲᠦᠮᠡᠨ ᠮᠦ ᠪᠠᠶᠢᠵᠤ᠂ ᠮᠠᠨ ᠤ ᠬᠤᠰᠢᠭᠤᠨ ᠤ ᠬᠤᠯᠠᠨ ᠰᠢᠷᠭ᠎ᠠ  ᠳᠠᠭ᠎ᠠ ᠶᠢᠨ ᠡᠯᠡᠰᠦᠷᠬᠡᠭ ᠭᠠᠵᠠᠷ ᠤᠨ ᠬᠡᠪᠴᠢᠶᠡᠨ ᠳᠠᠬᠢ ᠡᠯᠡᠰᠦᠷᠬᠡᠭᠵᠢᠭᠰᠡᠨ ᠭᠠᠵᠠᠷ ᠤᠨ ᠶᠡᠷᠦᠩᠬᠡᠢ ᠲᠠᠯᠠᠪᠠᠶ ᠨᠢ 338.06 ᠲᠦᠮᠡᠨ ᠮᠦ ᠪᠠᠶᠢᠵᠤ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 10.03% ᠶᠢ ᠡᠵᠡᠯᠡᠭᠰᠡᠨ ᠪᠠᠶᠢᠨ᠎ᠠ᠃     2000 ᠣᠨ ᠠᠴᠠ ᠨᠠᠰᠢ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠤ ᠲᠦᠰᠢᠭᠯᠡᠨ᠂ ︽ᠵᠣᠬᠢᠰᠲᠠᠢ ᠲᠥᠯᠥᠪᠵᠢᠭᠦᠯᠬᠦ᠂ ᠲᠥᠪᠯᠡᠷᠡᠭᠦᠯᠦᠨ ᠵᠠᠯᠭᠠᠯᠳᠤᠭᠤᠯᠬᠤ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠵᠠᠰᠠᠬᠤ︾ ᠵᠠᠰᠠᠯᠲᠠ ᠶᠢᠨ ᠵᠠᠷᠴᠢᠮ ᠶᠣᠰᠣᠭᠠᠷ᠂ ᠬᠠᠯᠬᠠᠪᠴᠢ ᠶᠢᠨ ᠲᠦᠷᠦᠯ ᠬᠡᠯᠪᠡᠷᠢ ᠪᠣᠯᠣᠨ‌ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ ᠪᠦᠲᠦᠮᠵᠢ ᠪᠠᠷ ᠨᠡᠯᠢᠶᠡᠳ ᠰᠠᠶᠢᠨ ᠮᠡᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠡᠯᠡᠰᠦ ᠶᠢ ᠲᠣᠭᠲᠠᠪᠤᠷᠢᠵᠢᠭᠤᠯᠬᠤ ᠠᠮᠢᠳᠤ ᠪᠣᠳᠠᠰ ᠤᠨ ᠬᠠᠯᠬᠠᠪᠴᠢ ᠶᠢᠨ ᠮᠡᠷᠭᠡᠵᠢᠯ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠵᠦ᠂ ᠮᠠᠰᠢᠨ ᠬᠢᠭᠡᠳ ᠬᠥᠮᠥᠨ ᠤ ᠬᠦᠴᠦ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠬᠡᠷᠡᠭᠯᠡᠨ᠂ ᠰᠢᠷ᠎ᠠ ᠪᠤᠷᠭᠠᠰᠤ ᠪᠣᠯᠣᠨ ᠵᠢᠵᠢᠭ ᠨᠠᠪᠴᠢᠲᠤ ᠬᠠᠷᠭᠠᠨ᠎ᠠ ᠶᠢᠨ ᠦᠷ᠎ᠡ ᠶᠢ ᠵᠤᠷᠪᠤᠰᠯᠠᠨ ᠲᠠᠷᠢᠬᠤ ᠶᠢ ᠬᠠᠷᠢᠯᠴᠠᠨ ᠤᠶᠠᠯᠳᠤᠭᠤᠯᠤᠭᠰᠠᠨ ᠡᠯᠡᠰᠦᠨ ᠬᠠᠯᠬᠠᠪᠴᠢ ᠪᠠᠶᠢᠷᠢᠯᠠᠭᠤᠯᠬᠤ ᠮᠡᠷᠭᠡᠵᠢᠯ ᠢ ᠬᠡᠷᠡᠭᠯᠡᠵᠦ᠂ ᠲᠤᠷᠤᠭ᠂ ᠪᠤᠲᠠᠯᠢᠭ ᠤᠷᠭᠤᠮᠠᠯ᠂ ᠡᠪᠡᠰᠦ ᠲᠠᠷᠢᠬᠤ ᠶᠢ ᠪᠠᠶᠢᠷᠢᠯᠠᠭᠤᠯᠬᠤ ᠪᠠᠷ ᠳᠠᠮᠵᠢᠭᠤᠯᠤᠨ᠂ 2000 - 2022 ᠣᠨ ᠳᠤ ᠨᠡᠶᠢᠳᠡ 165 .05 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠵᠤ᠂ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠬᠠᠮᠠᠭᠠᠯᠠᠨ ᠰᠡᠷᠭᠦᠭᠡᠵᠦ᠂ ᠤᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠮᠡᠳᠡᠭᠳᠡᠬᠦᠶᠢᠴᠡ ᠳᠡᠭᠡᠭᠰᠢᠯᠡᠭᠦᠯᠵᠦ᠂ ᠡᠯᠡᠰᠦᠨ ᠲᠤᠪᠤ ᠶᠢᠨ ᠲᠠᠯᠠᠪᠠᠢ ᠶᠢ ᠮᠡᠳᠡᠭᠳᠡᠬᠦᠶᠢᠴᠡ ᠪᠠᠭᠠᠰᠬᠠᠵᠤ᠂ ᠣᠷᠣᠨ ᠪᠦᠰᠡ ᠶᠢᠨ ᠠᠮᠢ ᠠᠬᠤᠢ ᠶᠢᠨ ᠪᠠᠶᠢᠳᠠᠯ ᠢ ᠢᠯᠡᠳᠳᠡ ᠰᠠᠶᠢᠵᠢᠷᠠᠭᠤᠯᠤᠨ᠂ ᠬᠥᠷᠥᠰᠥ ᠰᠢᠷᠣᠢ ᠶᠢᠨ ᠢᠳᠡᠭᠳᠡᠯ ᠪᠠ ᠰᠠᠯᠬᠢᠨ ᠳᠤ ᠢᠳᠡᠭᠳᠡᠵᠦ ᠡᠯᠡᠰᠦᠷᠬᠡᠭᠵᠢᠬᠦ ᠪᠠᠶᠢᠳᠠᠯ ᠢ ᠬᠤᠷᠢᠭᠯᠠᠵᠤ᠂ ᠠᠮᠢ ᠠᠬᠤᠢ ᠶᠢᠨ ᠮᠠᠭᠤᠳᠠᠬᠤ ᠬᠠᠨᠳᠤᠰᠢ ᠶᠢ ᠦᠨᠳᠦᠰᠦᠨ ᠳᠡᠭᠡᠨ ᠬᠢᠵᠠᠭᠠᠷᠯᠠᠭᠰᠠᠨ ᠪᠠᠶᠢᠨ᠎ᠠ᠃     2024 ᠣᠨ ᠠᠴᠠ 2026 ᠣᠨ ᠪᠣᠯᠲᠠᠯ᠎ᠠ ᠪᠠᠷᠠᠭᠤᠨ ᠦᠵᠦᠮᠦᠴᠢᠨ ᠬᠤᠰᠢᠭᠤᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠲᠠᠯᠠᠪᠠᠶ 31.4 ᠲᠦᠮᠡᠨ ᠮᠦ ᠳᠤ ᠬᠦᠷᠬᠦ ᠪᠣᠯᠣᠨ᠎ᠠ᠃ ᠡᠭᠦᠨ ᠳᠤ 2024 ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ 9.4 ᠲᠦᠮᠡᠨ ᠮᠦ ᠳᠤ ᠬᠦᠷᠴᠦ᠂  ᠬᠥᠮᠥᠨ ᠤ ᠬᠦᠴᠦ ᠪᠠᠷ ᠪᠤᠲᠠ ᠮᠣᠳᠣ ᠳᠠᠷᠢᠬᠤ᠂ ᠬᠥᠮᠥᠨ ᠤ ᠬᠦᠴᠦ ᠪᠠᠷ ᠡᠪᠡᠰᠦ ᠳᠠᠷᠢᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠡᠪᠡᠰᠦ ᠮᠣᠳᠣ ᠲᠠᠷᠢᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠶᠢ ᠪᠠᠭᠲᠠᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号