ᠳᠡᠭᠡᠷ᠎ᠡ ᠬᠠᠭᠠᠰ ᠵᠢᠯ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠠᠵᠢᠯ ᠤᠨ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/7/31
    ᠳᠡᠭᠡᠷ᠎ᠡ ᠬᠠᠭᠠᠰ ᠵᠢᠯ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠪᠠ᠃ ︽ᠲᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ 20.2 ᠺᠢᠯᠣᠮᠧᠲᠷ ᠵᠠᠰᠠᠬᠤ ᠪᠠᠷ ᠲᠥᠯᠥᠪᠯᠡᠵᠦ᠂ ᠨᠢᠭᠡᠨᠳᠡ 8.2 ᠺᠢᠯᠣᠮᠧᠲᠷ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠪᠠᠯᠠᠭᠠᠷᠭᠤᠯ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢ ᠲᠠᠰ ᠳᠡᠪᠰᠢᠭᠦᠯᠵᠦ᠂ ᠵᠡᠭᠡᠯᠢ ᠭᠤᠳᠤᠮᠵᠢ ᠶᠢᠨ ᠭᠠᠳᠠᠷ ᠲᠠᠯ᠎ᠠ ᠵᠢᠴᠢ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠬᠤᠶᠠᠷ ᠢ ᠬᠦᠷᠢᠶᠡᠯᠡᠬᠦ ᠠᠭᠤᠳᠠᠮ ᠲᠠᠯᠠᠪᠠᠶ ᠶᠢᠨ ᠲᠡᠷᠭᠡᠨ ᠵᠣᠭᠰᠣᠭᠠᠯ ᠵᠡᠷᠭᠡ 7 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 1.6 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ ᠭᠠᠳᠠᠷ ᠲᠠᠯ᠎ᠠ ᠶᠢ ᠵᠠᠰᠠᠵᠦ᠂ 1.5 ᠺᠢᠯᠣᠮᠧᠲᠷ ᠡᠯ᠎ᠡ ᠲᠥᠷᠥᠯ ᠤᠨ ᠬᠤᠭᠤᠯᠠᠢ ᠶᠢᠨ ᠲᠣᠣᠷ ᠢ ᠥᠭᠡᠷᠡᠴᠢᠯᠡᠨ᠂ 10 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠤᠨ ᠠᠷᠠᠴᠢᠯᠠᠨ ᠬᠠᠮᠠᠭᠠᠯᠠᠵᠤ ᠂ 4500 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 245 ᠵᠠᠮ ᠤᠨ ᠳ᠋ᠧᠩ ᠢ ᠰᠣᠯᠢᠪᠠ᠃ ᠬᠤᠲᠠ ᠶᠢᠨ ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠢ ᠾᠧ ᠸᠠᠨ ᠬᠤᠳᠠᠯᠳᠤᠭᠠᠨ ᠤ ᠶᠡᠷᠦᠩᠬᠡᠶᠢᠯᠡᠭᠰᠡᠨ ᠠᠰᠠᠷ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ᠂ ᠪᠠᠯᠭᠠᠷ ᠭᠤᠣᠯ ᠤᠨ ᠭᠤᠣᠯ ᠳᠠᠭᠠᠤ ᠶᠢᠨ ᠦᠵᠡᠮᠵᠢ ᠶᠢᠨ ᠤᠷᠤᠨ ᠤ ︵ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ︶ ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠪᠣᠶ᠃ 2024 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠬᠦᠯᠵᠦ᠂ 15 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ 24 ᠰᠠᠭᠤᠷᠢ ᠠᠰᠠᠷ ᠤᠨ 5.9 ᠲᠦᠮᠡᠨ ᠲᠡᠭᠰᠢ ᠳᠥᠷᠪᠡᠯᠵᠢᠨ ᠮᠧᠲᠷ ᠲᠤ ᠬᠤᠯᠪᠣᠭᠳᠠᠵᠤ᠂ ᠳᠡᠭᠡᠷ᠎ᠡ ᠬᠠᠭᠠᠰ ᠵᠢᠯ ᠳᠤ ᠪᠥᠬᠦ ᠪᠠᠷᠢᠯᠭ᠎ᠠ ᠶᠢᠨ ᠬᠡᠮᠵᠢᠶ᠎ᠡ ᠶᠢᠨ 50% ᠠᠴᠠ ᠳᠡᠭᠡᠭᠰᠢᠬᠢ ᠶᠢ ᠪᠡᠶᠡᠯᠡᠭᠦᠯᠪᠡ᠃ ᠪᠠᠯᠭᠠᠷᠭᠤᠣᠯ ᠪᠠᠯᠭᠠᠰᠤᠨ ᠤ ᠭᠤᠣᠯᠳᠠᠯᠭ᠎ᠠ ᠲᠠᠢ ᠳᠤᠭᠤᠷᠢᠭ ᠢ ᠲᠠᠲᠠᠪᠤᠷᠢᠯᠠᠬᠤ ᠠᠵᠢᠯ ᠢ ᠠᠬᠢᠭᠤᠯᠵᠤ᠂ 16 ᠡᠷᠦᠭᠡ ᠲᠠᠢ ᠲᠠᠲᠠᠪᠤᠷᠢᠯᠠᠬᠤ ᠨᠥᠬᠦᠪᠦᠷᠢ ᠶᠢᠨ ᠬᠡᠯᠡᠯᠴᠡᠭᠡᠷ ᠲᠣᠭᠲᠠᠵᠤ᠂ 271 ᠡᠷᠦᠭᠡ ᠶᠢᠨ ᠭᠡᠷ ᠪᠠᠶᠢᠰᠢᠩ ᠢ ᠨᠤᠷᠠᠭᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ 9 ᠳᠦᠷᠦᠯ ᠵᠦᠢᠯ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠭᠡᠷ ᠪᠠᠶᠢᠰᠢᠩ ᠢᠶᠠᠨ ᠬᠤᠳᠠᠯᠳᠤᠪᠠᠯ ᠳᠠᠷᠤᠢ ᠦᠨᠡᠮᠯᠡᠯ ᠢᠶᠠᠨ ᠥᠭᠬᠦ︾  118 ᠵᠦᠢᠯ ᠢ ᠪᠡᠶᠡᠯᠡᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ ᠨᠢᠭᠡ ᠪᠦᠯᠦᠭ ︽ᠦᠨᠡᠮᠯᠡᠯ ᠠᠪᠬᠤ ᠳᠤ ᠬᠦᠴᠢᠷᠲᠡᠢ ᠂ ᠨᠤᠷᠠᠭᠠᠵᠤ ᠨᠡᠭᠦᠯᠭᠡᠬᠦ ᠳᠤ ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠪᠠᠯᠭᠠᠷᠭᠤᠣᠯ ᠪᠠᠯᠭᠠᠰᠤ 2200 ᠭᠠᠷᠤᠢ ᠬᠥᠮᠥᠨ ᠤᠳᠠᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ᠂ 700 ᠭᠠᠷᠤᠢ ᠮᠠᠰᠢᠨ ᠲᠡᠷᠭᠡ ᠶᠢ ᠬᠥᠳᠡᠯᠭᠡᠵᠦ᠂ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠳᠠ ᠪᠠᠯᠭᠠᠰᠤᠨ ᠤ ᠦᠵᠡᠮᠵᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号