ᠳᠡᠭᠡᠷ᠎ᠡ ᠬᠠᠭᠠᠰ ᠵᠢᠯ ᠤᠨ ᠠᠵᠢᠯ ᠣᠯᠭᠤᠬᠤ ᠠᠵᠢᠯ ᠤᠨ ᠲᠠᠯ᠎ᠠ ᠪᠠᠷ᠃ ᠠᠵᠢᠯ ᠣᠯᠭᠤᠯᠲᠠ ᠶᠢ ᠲᠤᠭᠳᠠᠭᠤᠨ ᠢᠶᠠᠷ | ᠠᠬᠢᠭᠤᠯᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ 1491 ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ | 401ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠮᠠᠯᠵᠢᠬᠤ ᠣᠷᠣᠨ ᠤ 4127 ᠬᠤᠲᠠ ᠤᠷᠤᠭᠰᠠᠳ ᠲᠤ | ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 1.6% ᠳᠤ | ᠬᠦᠷᠭᠡᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠠᠶᠢᠴᠢᠯᠠᠵᠦ᠂ 37 ᠡᠷᠦᠬᠡ ᠳᠤ 833 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠠᠩᠭᠢ ᠶᠢ 14 ᠬᠤᠭᠤᠴᠠᠭ᠎ᠠ ᠡᠷᠭᠢᠯᠡᠵᠦ᠂ 483 ᠬᠥᠮᠥᠨ ᠢ ᠪᠣᠯᠪᠠᠰᠤᠷᠠᠭᠤᠯᠵᠤ᠂ 178 ᠠᠵᠤ | ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ 33 | ᠲᠦᠮᠡᠨ ᠲᠥᠭᠦᠷᠢᠭ ᠢ ᠣᠯᠭᠤᠪᠠ᠃ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ | ᠶᠢ ᠬᠠᠤᠯᠢ ᠶᠣᠰᠣᠭᠠᠷ ᠪᠠᠲᠤᠯᠠᠵᠤ᠂ ᠴᠠᠯᠢᠩ ᠦᠷᠢᠳᠦᠭᠰᠡᠨ 220 ᠵᠠᠭᠠᠯᠳᠤᠯᠭ᠎ᠠ ᠶᠢᠨ ᠬᠡᠷᠡᠭ ᠢ ᠬᠦᠯᠢᠶᠡᠨ ᠠᠪᠴᠤ | ᠰᠢᠢᠳᠪᠦᠷᠢᠯᠡᠨ᠂ 690 ᠬᠥᠳᠡᠯᠮᠦᠷᠢᠴᠢᠨ ᠤ 823 ᠲᠦᠮᠡᠨ ᠲᠥᠭᠦᠷᠢᠭ ᠤᠨ ᠴᠠᠯᠢᠩ ᠲᠠᠢ ᠬᠤᠯᠪᠤᠭᠳᠠᠵᠤ᠂ 214 ᠬᠡᠷᠡᠭ | ᠢ ᠨᠢᠭᠡᠨᠳᠡ ᠰᠢᠢᠳᠪᠦᠷᠢᠯᠡᠨ ᠳᠠᠭᠤᠰᠬᠠᠵᠤ᠂ ᠦᠯᠡᠳᠡᠭᠰᠡᠨ 6 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃ |