ᠳᠡᠭᠡᠷ᠎ᠡ ᠬᠠᠭᠠᠰ ᠵᠢᠯ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ | ᠬᠠᠷᠠᠭᠠᠯᠵᠠᠯ ᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠴᠦ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠨᠡᠶᠢᠳᠡ 2.15 ᠳ᠋ᠦᠩᠰᠢᠭᠤᠷ ᠲᠥᠭᠦᠷᠢᠭ | ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 1555 ᠬᠦᠴᠢᠷᠳᠡᠯᠲᠡᠢ ᠣᠯᠠᠨ ᠲᠦᠮᠡᠨ ᠳᠤ | ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠤ ᠥᠭᠪᠡ᠃ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ | ᠲᠤᠬᠠᠢ ᠳᠤᠨᠢ ᠲᠤᠭ᠎ᠠ ᠶᠣᠰᠣᠭᠠᠷ ᠭᠦᠢᠴᠡᠳᠬᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ | ᠲᠦᠷ ᠴᠠᠭ ᠤᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠡᠯᠡ ᠮᠥᠩᠭᠦ ᠶᠢ | ᠨᠡᠶᠢᠲᠡ 1016 ᠲᠦᠮᠡᠨ ᠲᠥᠭᠦᠷᠢᠭ ᠲᠠᠷᠬᠠᠭᠠᠪᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ | ᠠᠬᠢᠭᠤᠯᠵᠤ᠂ ᠪᠦᠬᠦ ᠬᠤᠰᠢᠭᠤᠨ ᠤ 42 ᠣᠨᠴᠠ ᠬᠦᠴᠢᠷᠳᠡᠯ ᠲᠠᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠶᠢᠨ | ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ 2 ᠰᠤᠮᠤ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠤᠨ | ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠠ 4 ᠭᠠᠴᠠᠭᠠᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠠᠶ᠋ᠬᠠᠭᠤᠯᠠ ᠨᠠᠰᠤᠵᠢᠯ ᠤᠨ | ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ10 ᠳ᠋ᠤᠭᠠᠷ ᠰᠠᠷ᠎ᠠ ᠳᠤ ᠳᠠᠭᠤᠰᠬᠠᠬᠤ ᠪᠠᠷ | ᠵᠢᠱᠢᠵᠦ ᠪᠣᠶ᠃ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ 184 | ᠲᠦᠮᠡᠨ ᠲᠥᠭᠦᠷᠢᠭ ᠤᠨ ᠠᠰᠠᠷᠠᠮᠵᠢ ᠶᠢᠨ ᠬᠠᠷᠠᠭᠠᠯᠵᠠᠯ ᠤᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠬᠠᠭᠠᠵᠤ | ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠪᠠ᠃ | |