ᠳᠡᠭᠡᠷ᠎ᠡ ᠬᠠᠭᠠᠰ ᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠲᠦᠯᠬᠢᠨ ᠠᠬᠢᠭᠤᠯᠵᠤ᠂ ᠪᠥᠬᠦ | ᠬᠤᠰᠢᠭᠤᠨ ᠤ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠭᠤᠷᠪᠠᠨ ᠰᠤᠷᠭᠠᠭᠤᠯᠢ ᠳᠤ ᠵᠣᠬᠢᠴᠠᠬᠤ ᠴᠢᠨᠠᠷᠲᠠᠢ | ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠰᠤᠷᠭᠠᠭᠤᠯᠢ ᠶᠢᠨ ᠲᠠᠪᠤᠨ ᠬᠢᠴᠢᠶᠡᠯ ᠲᠥᠷᠥᠯ ᠤᠨ ᠲᠤᠰᠬᠠᠢ ᠪᠠᠭᠰᠢ ᠶᠢ ᠪᠦᠬᠦᠨ ᠢ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠳᠤ ᠤᠷᠤᠯᠴᠠᠭᠤᠯᠪᠠ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ 25 ᠨᠡᠷ᠎ᠡ ᠪᠠᠭᠰᠢ ᠶᠢ | ᠢᠯᠡ ᠪᠠᠷ ᠤᠷᠢᠨ ᠬᠡᠷᠡᠭᠯᠡᠪᠡ᠃ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠥᠷᠪᠡᠳᠦᠭᠡᠷ | ᠪᠠᠭ᠎ᠠ ᠰᠤᠷᠭᠠᠭᠤᠯᠢ ᠶᠢᠨ ᠲᠡᠷᠭᠡᠨ ᠵᠣᠭᠰᠣᠭᠠᠯ ᠢ ᠪᠠᠶᠢᠭᠤᠯᠤᠨ ᠬᠡᠷᠡᠭᠯᠡᠵᠦ᠂ ᠬᠤᠭᠤᠯᠠᠳᠤ ᠶᠢᠨ ᠭᠤᠣᠯ ᠤᠨ ᠬᠡᠦᠬᠡᠳ ᠤᠨ | ᠴᠡᠴᠡᠷᠯᠢᠭ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠨ᠂ ᠰᠢᠨ᠎ᠡ ᠪᠠᠷ ᠪᠠᠶᠢᠭᠤᠯᠬᠤ ᠪᠠᠶᠠᠨᠬᠤᠸᠠ ᠪᠠᠭ᠎ᠠ | ᠰᠤᠷᠭᠠᠭᠤᠯᠢ ᠶᠢᠨ ᠲᠠᠮᠢᠷ ᠤᠨ ᠲᠠᠯᠠᠪᠠᠶ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ | ᠪᠡᠶᠡᠯᠡᠭᠦᠯᠪᠡ᠃ ᠵᠢᠭᠠᠨ ᠰᠤᠷᠭᠠᠯᠲᠠ ᠶᠢᠨ ᠰᠤᠳᠤᠯᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ 3 ᠲᠤᠰᠬᠠᠢ ᠮᠡᠷᠭᠡᠵᠢᠯ ᠤᠨ | ᠵᠢᠭᠠᠨ ᠰᠤᠳᠤᠯᠤᠭᠴᠢ ᠶᠢ ᠢᠯᠡ ᠪᠠᠷ ᠰᠣᠩᠭᠤᠨ ᠳᠡᠪᠰᠢᠭᠦᠯᠵᠦ᠂ ᠪᠠᠭᠰᠢ ᠶᠢ ᠵᠣᠬᠢᠶᠠᠨ ᠪᠠᠶᠢᠭᠤᠯᠤᠨ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠳᠤ 1200 ᠭᠠᠷᠤᠢ ᠬᠥᠮᠥᠨ ᠤᠳᠠᠭ᠎ᠠ ᠣᠷᠣᠯᠴᠠᠭᠤᠯᠪᠠ᠃ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠲᠣᠭᠲᠠᠭᠤᠨ ᠢᠶᠠᠷ ᠳᠡᠭᠡᠭᠰᠢᠯᠡᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠠᠪᠰᠢᠬᠤ ᠰᠢᠯᠭᠠᠯᠲᠠ ᠳᠤ 600 ᠬᠤᠪᠢ ᠶᠢ ᠳᠠᠪᠠᠭᠰᠠᠨ ᠰᠣᠷᠣᠭᠴᠢ ᠶᠢᠨ ᠲᠤᠭ᠎ᠠ ᠪᠥᠬᠦ ᠠᠶᠢᠮᠠᠭ ᠲᠤ | ᠬᠠᠮᠤᠭ ᠤᠨ ᠣᠯᠠᠨ ᠪᠠᠶᠢᠵᠤ᠂ ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠲᠤ ᠳᠣᠯᠣᠳᠤᠭᠠᠷ ᠲᠤ ᠵᠢᠭᠰᠠᠭᠠᠭᠳᠠᠪᠠ᠃ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ | ᠶᠡᠷᠦᠩᠬᠡᠢ ᠬᠢᠷᠢ ᠪᠦᠲᠦᠮᠵᠢ ᠨᠢ ᠪᠥᠬᠦ ᠠᠶᠢᠮᠠᠭ ᠤᠨ ᠲᠠᠪᠤᠳᠤᠭᠠᠷ ᠲᠤ ᠵᠢᠭᠰᠠᠭᠠᠭᠳᠠᠵᠤ᠂ ᠲᠦᠷᠦᠭᠦᠸ ᠵᠢᠯ ᠤᠨ ᠬᠢ ᠠᠴᠠ 2 | ᠪᠠᠶᠢᠷᠢ ᠤᠷᠤᠭᠰᠢᠯᠠᠵᠠᠢ᠃ ᠶᠡᠭᠡ ᠰᠤᠷᠭᠠᠭᠤᠯᠢ ᠳᠤ ᠳᠠᠪᠰᠢᠬᠤ ᠰᠢᠯᠭᠠᠯᠲᠠ ᠳᠤ ᠵᠢᠩᠬᠢᠨᠢ ᠠᠩᠭᠢ ᠳᠤ ᠤᠷᠤᠭᠰᠠᠨ ᠨᠣᠷᠮ᠎ᠠ | 80.9% ᠳᠤ ᠬᠦᠷᠴᠦ᠂ ᠲᠦᠷᠦᠭᠦᠸ ᠵᠢᠯ ᠤᠨ ᠬᠢ ᠠᠴᠠ ᠪᠠᠭ᠎ᠠ ᠳᠡᠭᠡᠭᠰᠢᠯᠡᠵᠡᠢ᠃ |