ᠰᠣᠶᠣᠯ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ᠃ ᠳᠣᠯᠣᠳᠤᠭᠠᠷ ᠬᠤᠭᠤᠴᠠᠭᠠᠨ ᠤ ᠣᠯᠠᠨ ᠲᠦᠮᠡᠨ ᠤ | ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠪᠦᠭᠦ ᠬᠤᠰᠢᠭᠤᠨ ᠤ ᠠᠵᠢᠯᠲᠠᠳ ᠤᠨ ᠳᠡᠭᠡᠳᠦ ᠲᠠᠲᠠᠬᠤ ᠤᠷᠤᠯᠳᠤᠭᠠᠨ | ᠵᠡᠷᠭᠡ ᠤᠯᠠᠨ ᠶᠠᠩᠵᠤ ᠶᠢᠨ ᠰᠣᠶᠣᠯ ᠲᠠᠮᠢᠷ ᠤᠨ ᠠᠵᠢᠯᠯᠠᠭ᠎ᠠ ᠶᠢ 16 ᠲᠠᠯᠠᠪᠤᠷ ᠡᠷᠭᠢᠯᠡᠵᠦ᠂ ᠣᠯᠠᠨ ᠲᠦᠮᠡᠨ ᠤ ᠠᠵᠢᠯ ᠤᠨ | ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠪᠡᠶ᠎ᠡ ᠶᠢᠨ ᠲᠠᠮᠢᠷ ᠤᠨ ᠣᠷᠳᠣᠨ᠂ ᠬᠥᠯ ᠪᠥᠮᠪᠦᠭᠡ ᠶᠢᠨ | ᠣᠷᠳᠣᠨ᠂ ᠮᠦᠽᠧᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ | ᠠᠷᠠᠳ ᠲᠤ ᠨᠡᠭᠡᠭᠡᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ 2 ᠲᠦᠮᠡ ᠭᠠᠷᠤᠢ | ᠬᠥᠮᠥᠨ ᠤᠳᠠᠭ᠎ᠠ ᠭᠥᠯᠢᠶᠡᠨ ᠠᠪᠴᠤ ᠦᠢᠯᠡᠴᠢᠯᠡᠪᠡ᠃ ᠤᠯᠠᠭᠠᠨᠮᠥ᠋ᠴᠢᠷ ᠨᠢ 14 ᠤᠷᠠᠨ ᠰᠠᠶᠢᠬᠠᠨ ᠤ ᠪᠦᠲᠦᠭᠡᠯ ᠢ | ᠵᠣᠬᠢᠶᠠᠨ ᠪᠦᠲᠦᠭᠡᠵᠦ᠂ 49 ᠲᠠᠯᠠᠪᠤᠷ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ | 2.2 ᠲᠦᠮᠡᠨ ᠬᠥᠮᠥᠨ ᠤᠳᠠᠭ᠎ᠠ ᠣᠯᠠᠨ ᠲᠦᠮᠡᠨ ᠳᠤ ᠠᠰᠢᠭ ᠬᠦᠷᠲᠡᠭᠡᠪᠡ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠳᠠ ᠶᠢ ᠡᠮᠬᠢ ᠲᠢᠭᠯᠢᠮ ᠲᠠᠢ ᠠᠬᠢᠭᠤᠯᠪᠠ᠃ |