ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠢ ᠪᠠᠶᠢᠷᠢᠯᠠᠭᠤᠯᠤᠨ ᠠᠬᠢᠭᠤᠯᠬᠤ ᠬᠤᠷᠠᠯ
ᠨᠡᠶᠢᠲᠡᠯᠡᠭᠰᠡᠨ ᠴᠠᠭ᠄
2024/7/4
  2 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠢ ᠪᠠᠶᠢᠷᠢᠯᠠᠭᠤᠯᠤᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃  ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠵᠤ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤ ᠪᠠᠶᠢᠷᠢᠯᠠᠭᠤᠯᠵᠤ᠂ ᠲᠥᠯᠥᠪᠯᠡᠭᠡ ᠶᠢᠨ ᠳᠠᠭᠠᠤ ᠠᠵᠢᠯᠯᠠᠨ᠂ ᠠᠵᠢᠯ ᠤᠨ ᠪᠠᠶᠢᠷᠢᠯᠠᠭᠤᠯᠤᠯᠲᠠ ᠲᠦᠷᠭᠡᠨ᠂ ᠡᠮᠦᠨᠡᠬᠢ ᠬᠤᠭᠤᠴᠠᠭᠠᠨ ᠤ ᠠᠵᠢᠯ ᠲᠦᠷᠭᠡᠨ᠂ ᠲᠥᠰᠥᠯ ᠤᠨ ᠪᠦᠲᠦᠭᠡᠨ ᠪᠠᠶᠢᠭᠤᠯᠤᠯᠲᠠ ᠲᠦᠷᠭᠡᠨ᠂ ᠪᠡᠯᠡ ᠮᠥᠩᠭᠦ ᠶᠢᠨ ᠵᠠᠷᠤᠯᠭ᠎ᠠ ᠲᠦᠷᠭᠡᠨ᠂ ᠪᠠᠷᠢᠯᠭ᠎ᠠ ᠶᠢᠨ ᠶᠠᠰᠤ ᠴᠢᠨᠠᠷ ᠥᠨᠳᠥᠷ ᠪᠠᠶᠢᠬᠤ ᠶᠢ ᠪᠡᠶᠡᠯᠡᠭᠦᠯᠵᠦ᠂ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ᠂ ᠲᠤᠬᠠᠢ ᠶᠢᠨ ᠵᠢᠯ ᠳᠤ ᠪᠠᠨ ᠠᠵᠢᠯ ᠢᠶᠠᠨ ᠳᠠᠭᠤᠰᠬᠠᠬᠤ︾᠎ ᠶᠢ ᠪᠠᠲᠤᠯᠠᠵᠤ᠂ ᠠᠷᠠᠳ ᠤᠨ ᠰᠡᠳᠬᠢᠯ ᠤᠨ ᠢᠨᠵᠧᠨᠧᠷᠢᠩ᠂ ᠴᠢᠨᠠᠷ ᠰᠠᠶᠢᠲᠠᠢ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号