ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
    7 ᠰᠠᠷ᠎ᠠ ᠶᠢᠨ 2 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃
    ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠢᠦᠢ ᠵᠥᠩ ᠮᠢᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠨᠡᠶᠢᠲᠡᠯᠡᠬᠦ ᠶᠢᠨ ᠬᠠᠮᠲᠤ ᠭᠦᠨᠵᠡᠭᠡᠢ ᠵᠠᠳᠠᠯᠤᠯᠲᠠ ᠬᠢᠪᠡ᠃
    ᠬᠤᠷᠠᠯ ᠳᠤ᠂ ᠶᠣᠣ ᠬᠤᠩ ᠭᠠᠩ ᠨᠠᠮ ᠤᠨ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠲᠣᠭᠤᠷᠢᠨ ᠳᠤ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠡᠷᠡᠮᠵᠢᠯᠡᠭᠦᠯᠬᠦ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠲᠤᠬᠠᠢ ᠠᠵᠢᠯ ᠤᠨ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠨᠠᠮ ᠤᠨ ᠰᠠᠬᠢᠯᠭ᠎ᠠ ᠪᠠᠲᠤ   ᠶᠢᠨ  ᠰᠤᠷᠤᠯᠴᠠᠯᠭ᠎ᠠ  ᠬᠥᠮᠦᠵᠢᠯ   ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠦᠷᠭᠦᠯᠵᠢᠯᠡᠨ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠪᠤᠰᠤᠳ ᠰᠠᠬᠢᠯᠭ᠎ᠠ ᠪᠠᠲᠤ ᠲᠣᠭᠲᠠᠭᠠᠯ ᠢ ᠦᠷᠭᠦᠯᠵᠢᠯᠡᠨ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠶᠢ ᠲᠣᠳᠣᠷᠬᠠᠢ ᠣᠶᠢᠯᠠᠭᠠᠨ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠵᠤ᠂ ᠴᠠᠭ ᠢᠮᠠᠭᠲᠠ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠨᠢᠭᠡᠳᠦᠯᠲᠡᠢ ᠪᠠᠶᠢᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠰᠡᠷᠡᠮᠵᠢᠯᠡᠭᠦᠯᠦᠯ ᠪᠣᠯᠭᠠᠨ᠂ ᠬᠡᠷᠡᠭ ᠤᠨ ᠵᠢᠱᠢᠶ᠎ᠡ ᠪᠠᠷ ᠰᠤᠷᠤᠯᠴᠠᠯᠭ᠎ᠠ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠦᠢᠯᠡ ᠠᠵᠢᠯᠯᠠᠭᠠᠨ ᠤ ᠪᠠᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠨᠠᠷᠢᠨ ᠲᠣᠳᠣᠷᠬᠠᠢ ᠣᠶᠢᠯᠠᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠭᠰᠡᠨ ᠪᠠᠶᠢᠬᠤ  ᠬᠡᠷᠡᠭᠲᠡᠢ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭᠠᠳᠬᠠᠵᠤ ᠠᠷᠢᠭᠤᠨ ᠴᠢᠬᠡᠴᠢ ᠪᠠᠶᠢᠬᠤ  ᠬᠡᠷᠡᠭᠲᠡᠢ᠃ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭᠠᠳᠬᠠᠵᠤ᠂ ᠠᠷᠠᠳ ᠲᠦᠮᠡᠨ ᠳᠤ  ᠰᠠᠶᠢᠲᠤᠷ ᠦᠢᠯᠡᠴᠢᠯᠡᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢᠨ ︽ᠳᠠᠭᠠᠭᠤᠯᠤᠭᠴᠢ︾ ᠪᠣᠯᠬᠤ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠠᠷᠢᠭᠤᠨ ᠴᠢᠬᠡᠴᠢ ︽ᠡᠷᠬᠢᠮ ᠳᠡᠭᠡᠳᠦ ᠬᠥᠮᠥᠨ︾ ᠪᠣᠯᠬᠤ ᠬᠡᠷᠡᠭᠲᠡᠢ ᠭᠡᠵᠡᠢ᠃
    ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃ ᠬᠤᠷᠠᠯ ᠢ ᠸᠢᠳᠢᠤ᠋ ᠪᠠᠷ ᠬᠤᠯᠪᠣᠭᠳᠠᠬᠤ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠪᠠᠯᠭᠠᠰᠤᠨ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号