ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠪᠠᠶᠠᠩᠭᠤᠤᠯ ᠨᠡᠶᠢᠭᠡᠮ ᠲᠤᠭᠤᠷᠢᠭ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/4
     ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ    ᠪᠠᠶ᠋ᠩᠭᠤᠤᠯ ᠨᠡᠶᠢᠭᠡᠮ ᠲᠤᠭᠤᠷᠢᠭ  ︽ᠨᠠᠮᠴᠢ ᠴᠢᠨᠠᠷ ᠢᠶᠠᠨ ᠴᠢᠩᠭᠠᠳᠬᠠᠵᠤ᠂ ᠵᠣᠷᠢᠯᠲᠠ ᠪᠠᠨ ᠪᠠᠷᠢᠮᠲᠠᠯᠠᠨ᠂ ᠨᠠᠮ ᠢᠶᠠᠨ ᠳᠠᠭᠠᠶ᠎ᠠ︾ ᠭᠡᠬᠦ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠭᠦᠯᠪᠡ᠃      ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠰᠠᠭᠤᠭᠠᠯᠢ ᠠᠷᠠᠳ ᠲᠠᠢ ᠬᠠᠮᠲᠤ ᠨᠠᠮ ᠤᠨ ᠲᠤᠭ ᠢ ᠨᠠᠷᠢᠨ ᠨᠢᠮᠪᠠᠢ ᠤᠷᠠᠯᠠᠨ ᠨᠠᠭᠠᠵᠤ ᠨᠠᠮ ᠪᠠᠶᠢᠭᠤᠯᠤᠭᠳᠠᠭᠰᠠᠨ 103 ᠵᠢᠯ ᠤᠨ ᠣᠢ ᠳᠤ ᠪᠡᠯᠡᠭ ᠪᠣᠯᠭᠠᠨ ᠪᠠᠷᠢᠬᠤ ᠪᠠᠷ ᠬᠢᠴᠢᠶᠡᠩᠭᠦᠶᠢᠯᠡᠨ ᠪᠡᠯᠡᠳᠬᠡᠵᠦ ᠪᠠᠶᠢᠯ᠎ᠠ᠃ ︽ᠨᠠᠮ ᠤᠨ ᠲᠤᠭ ᠢ ᠨᠠᠭᠠᠵᠦ ᠤᠷᠠᠯᠠᠬᠤ ᠪᠠᠷ ᠳᠠᠮᠵᠢᠭᠤᠯᠤᠨ ᠪᠢᠳᠡ ᠡᠨᠡᠬᠦ ᠣᠨᠴᠠᠭᠠᠢ ᠪᠡᠯᠡᠭ ᠢᠶᠠᠷ ᠨᠠᠮ ᠤᠨ ᠠᠭᠤᠤ ᠶᠡᠭᠡ ᠦᠢᠯᠡᠰ ᠲᠤ ᠬᠦᠨᠳᠦᠳᠬᠡᠯ ᠳᠡᠪᠰᠢᠭᠦᠯᠦᠶ᠎ᠡ ᠭᠡᠰᠡᠨ ᠶᠤᠮ᠂ ᠠᠳᠡ ᠨᠠᠭᠠᠵᠤ ᠪᠠᠶᠢᠭ᠎ᠠ ︿ᠠᠯᠮᠠᠰ﹀ ᠨᠢᠭᠡᠪᠦᠷᠢ ᠨᠢ ᠴᠥᠮ ᠨᠠᠮ ᠳᠠᠭᠠᠨ ᠬᠡᠬᠦ ᠪᠠᠲᠤ ᠴᠢᠩᠭ᠎ᠠ ᠢᠲᠡᠭᠡᠯ ᠵᠣᠷᠢᠭ ᠪᠣᠯᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠥᠯᠥᠭᠡᠯᠡᠵᠦ ᠪᠠᠶᠢᠨ᠎ᠠ  ︾ ᠭᠡᠵᠦ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠵᠠᠨ ᠽᠧ ᠳ᠋ᠧᠦ ᠨᠠᠰᠣᠳᠠᠨ ᠰᠡᠳᠬᠢᠯ ᠳᠣᠭᠳᠣᠯᠤᠨ ᠶᠠᠷᠢᠵᠦ ᠪᠠᠶᠢᠯ᠎ᠠ᠃     ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡᠬᠦ ᠨᠠᠮ ᠤᠨ ᠲᠤᠭ ᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠬᠠᠮᠲᠤ ᠪᠠᠷ ᠪᠠᠶᠢᠭᠤᠯᠬᠤ ᠨᠢᠭᠡᠴᠡ᠂ ᠦᠨᠳᠦᠰᠦᠲᠡᠨ ᠨᠦᠭᠦᠳ ᠤᠨ ᠠᠷᠠᠳ ᠤᠯᠠᠨ ᠬᠠᠮᠲᠤ ᠪᠠᠷ ᠨᠢᠭᠡ ᠰᠠᠷ᠎ᠠ ᠶᠢᠨ ᠬᠤᠭᠤᠴᠠᠭᠠᠨ ᠳᠤ ᠤᠷᠠᠯᠠᠵᠦ ᠲᠠᠭᠤᠰᠬᠠᠵᠠᠢ᠃ ᠡᠨᠡ ᠨᠢ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠪᠣᠯᠬᠤ ᠪᠠᠷ ᠪᠠᠷᠠᠬᠤ ᠦᠭᠡᠢ᠂ ᠨᠡᠩ ᠴᠤ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠳᠠᠭᠠᠨ ᠵᠣᠷᠢᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠠᠮᠢᠳᠤᠯᠢᠭ ᠢᠯᠡᠷᠡᠯ ᠪᠣᠯᠬᠤ ᠶᠤᠮ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号