ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠢ ᠪᠠᠶᠢᠷᠢᠯᠠᠭᠤᠯᠤᠨ ᠠᠬᠢᠭᠤᠯᠬᠤ ᠬᠤᠷᠠᠯ
ᠨᠡᠶᠢᠲᠡᠯᠡᠭᠰᠡᠨ ᠴᠠᠭ᠄
2024/7/4
  2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠢ ᠪᠠᠶᠢᠷᠢᠯᠠᠭᠤᠯᠤᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃  ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠵᠤ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠰᠥᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤ ᠪᠠᠶᠢᠷᠢᠯᠠᠭᠤᠯᠵᠤ᠂ ᠲᠥᠯᠥᠪᠯᠡᠭᠡ ᠶᠢᠨ ᠳᠠᠭᠠᠤ ᠠᠵᠢᠯᠯᠠᠨ᠂ ᠠᠵᠢᠯ ᠤᠨ ᠪᠠᠶᠢᠷᠢᠯᠠᠭᠤᠯᠤᠯᠲᠠ ᠲᠦᠷᠭᠡᠨ᠂ ᠡᠮᠦᠨᠡᠬᠢ ᠬᠤᠭᠤᠴᠠᠭᠠᠨ ᠤ ᠠᠵᠢᠯ ᠲᠦᠷᠭᠡᠨ᠂ ᠲᠥᠰᠥᠯ ᠤᠨ ᠪᠦᠲᠦᠭᠡᠨ ᠪᠠᠶᠢᠭᠤᠯᠤᠯᠲᠠ ᠲᠦᠷᠭᠡᠨ᠂ ᠪᠡᠯᠡ ᠮᠥᠩᠭᠦ ᠶᠢᠨ ᠵᠠᠷᠤᠯᠭ᠎ᠠ ᠲᠦᠷᠭᠡᠨ᠂ ᠪᠠᠷᠢᠯᠭ᠎ᠠ ᠶᠢᠨ ᠶᠠᠰᠤ ᠴᠢᠨᠠᠷ ᠥᠨᠳᠥᠷ ᠪᠠᠶᠢᠬᠤ ᠶᠢ ᠪᠡᠶᠡᠯᠡᠭᠦᠯᠵᠦ᠂ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ᠂ ᠲᠤᠬᠠᠢ ᠶᠢᠨ ᠵᠢᠯ ᠳᠤ ᠪᠠᠨ ᠠᠵᠢᠯ ᠢᠶᠠᠨ ᠳᠠᠭᠤᠰᠬᠠᠬᠤ︾ ᠶᠢ ᠪᠠᠲᠤᠯᠠᠵᠤ᠂ ᠠᠷᠠᠳ ᠤᠨ ᠰᠡᠳᠬᠢᠯ ᠤᠨ ᠢᠨᠵᠧᠨᠧᠷᠢᠩ᠂ ᠴᠢᠨᠠᠷ ᠰᠠᠶᠢᠲᠠᠢ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号