ᠠᠩᠬᠠᠷ︕ ᠡᠨᠡ 7 ᠪᠦᠯᠦᠭ ᠤᠳᠠᠭ᠎ᠠ ᠶᠢᠨ ᠢᠳᠡᠭᠡᠨ ᠤᠮᠳᠠᠭᠠᠨ ᠨᠢ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ︕
ᠨᠡᠶᠢᠲᠡᠯᠡᠭᠰᠡᠨ ᠴᠠᠭ᠄
2024/7/5
     ᠣᠶᠢᠷ᠎ᠠ ᠶᠢᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠠᠶᠤᠯ ᠦᠭᠡᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠴᠠᠢ ᠵᠢᠴᠢ ᠬᠠᠮᠢᠶ᠎ᠠ ᠪᠦᠬᠦᠢ ᠪᠦᠲᠦᠭᠡᠭᠳᠡᠬᠦᠨ᠂ ᠬᠠᠭᠤᠷᠤᠭᠰᠠᠨ ᠢᠳᠡᠭᠡᠨ ᠵᠢᠴᠢ ᠬᠠᠲᠠᠭᠤ ᠵᠢᠮᠢᠰ ᠤᠨ ᠪᠦᠲᠦᠭᠡᠭᠳᠡᠬᠦᠨ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ᠂ ᠠᠮᠲᠠ ᠣᠷᠣᠭᠤᠯᠬᠤ ᠡᠳ᠋᠂ ᠪᠤᠷᠴᠠᠭ ᠤᠨ ᠪᠦᠲᠦᠭᠡᠭᠳᠡᠬᠦᠨ᠂ ᠳᠥᠭᠦᠮ  ᠢᠳᠡᠭᠡᠨ᠂ ᠪᠣᠭᠤᠷᠰᠤᠭ᠂ ᠭᠤᠸᠠᠨᠲ᠋ᠧᠦ᠂ ᠠᠷᠢᠬᠢᠨ ᠤ ᠵᠦᠢᠯ᠂ ᠠᠮᠤ ᠪᠤᠳᠠᠭ᠎ᠠ ᠪᠠᠷ ᠡᠳ᠋ᠰᠢᠭᠦᠯᠦᠭᠰᠡᠨ ᠪᠦᠲᠦᠭᠡᠭᠳᠡᠬᠦᠨ᠂ ᠮᠢᠬᠠᠨ ᠢᠳᠡᠭᠡᠨ᠂ ᠴᠠᠭᠠᠨ ᠢᠳᠡᠭᠡᠨ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ᠂ ᠢᠳᠡᠰᠢᠨ ᠲᠣᠰᠣ᠂ ᠲᠣᠰᠣ ᠵᠢᠴᠢ ᠲᠣᠰᠣ ᠪᠠᠷ ᠬᠢᠭᠰᠡᠨ ᠪᠦᠲᠦᠭᠡᠭᠳᠡᠬᠦᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ᠂ ᠵᠢᠮᠢᠰ ᠤᠨ ᠪᠦᠲᠦᠭᠡᠭᠳᠡᠬᠦᠨ᠂ ᠰᠢᠬᠢᠷ ᠵᠢᠮᠢᠰ ᠤᠨ ᠪᠦᠲᠦᠭᠡᠭᠳᠡᠬᠦᠨ᠂ ᠤᠮᠳᠠᠭᠠᠨ᠂ ᠢᠳᠡᠭᠡᠨ ᠤᠮᠳᠠᠭᠠᠨ ᠤ ᠵᠦᠢᠯ ᠵᠡᠷᠭᠡ 19 ᠶᠡᠭᠡ ᠲᠥᠷᠥᠯ ᠤᠨ ᠢᠳᠡᠭᠡᠨ ᠤ 584 ᠪᠦᠯᠦᠭ ᠤᠳᠠᠭ᠎ᠠ ᠶᠢᠨ ᠦᠯᠢᠭᠡᠷ ᠶᠠᠩᠵᠤ ᠶᠢ ᠰᠤᠭᠤᠴᠢᠨ ᠪᠠᠶᠢᠴᠠᠭᠠᠭᠰᠠᠨ ᠳᠤ᠂ 7 ᠪᠦᠯᠦᠭ ᠤᠳᠠᠭ᠎ᠠ ᠶᠢᠨ ᠦᠯᠢᠭᠡᠷ ᠡᠳ᠋ ᠬᠢᠷᠢ ᠲᠡᠩᠴᠡᠬᠦ ᠦᠭᠡᠢ ᠪᠠᠶᠢᠬᠤ ᠶᠢ ᠪᠠᠶᠢᠴᠠᠭᠠᠵᠤ ᠭᠠᠷᠭᠠᠵᠠᠢ᠃ ᠡᠨᠡ ᠨᠢ ᠭᠤᠣᠯᠳᠠᠭᠤ ᠢᠳᠡᠭᠡᠨ ᠤ ᠠᠶᠤᠯ ᠦᠭᠡᠢ ᠲᠠᠢ ᠬᠤᠯᠪᠣᠭᠳᠠᠬᠤ ᠶᠠᠰᠤ ᠴᠢᠨᠠᠷ ᠤᠨ ᠭᠦᠢᠴᠡᠳᠬᠡᠬᠦ ᠲᠤᠭ᠎ᠠ ᠪᠠᠷᠢᠮᠵᠢᠶ᠎ᠠ ᠳᠤ ᠬᠦᠷᠦᠭᠡᠳᠦᠶ ᠠᠰᠠᠭᠤᠳᠠᠯ᠂ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ᠂ ᠬᠦᠨᠳᠦ ᠲᠡᠮᠦᠷᠯᠢᠭ ᠤᠨ ᠪᠣᠬᠢᠷᠲᠤᠯ᠂ ᠮᠢᠺᠷᠣᠪ ᠤᠨ ᠪᠣᠬᠢᠷᠲᠤᠯ᠂ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠵᠡᠷᠭᠡ ᠠᠰᠠᠭᠤᠳᠠᠯ ᠪᠣᠯᠣᠨ᠎ᠠ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号