ᠶᠣᠣ ᠬᠤᠩ ᠭᠠᠩ ᠬᠤᠭ ᠨᠣᠪᠰᠢ ᠪᠤᠯᠠᠬᠤ ᠲᠠᠯᠠᠪᠤᠷ ᠤᠨ ᠠᠵᠢᠯ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢ  ᠰᠠᠶᠢᠵᠢᠷᠠᠭᠤᠯᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 3 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠯᠭᠠᠷᠭᠤᠣᠯ ᠪᠠᠯᠭᠠᠰᠤᠨ ᠤ ᠬᠤᠭ ᠨᠣᠪᠰᠢ ᠪᠤᠯᠠᠬᠤ ᠲᠠᠯᠠᠪᠤᠷ ᠤᠨ ᠠᠵᠢᠯ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠦ᠋ ᡁᠢ ᠴᠢᠶᠠᠩ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ  ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
      ᠶᠣᠣ ᠬᠤᠩ ᠭᠠᠩ ᠨᠠᠷ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠣᠭᠤᠷᠢᠭ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠶᠢ ᠪᠠᠶᠢᠴᠠᠭᠠᠨ ᠦᠵᠡᠵᠦ᠂ ᠲᠥᠬᠦᠭᠡᠷᠦᠮᠵᠢ ᠶᠢᠨ ᠠᠵᠢᠯᠯᠠᠭ᠎ᠠ ᠂ ᠰᠢᠢᠳᠪᠦᠷᠢᠯᠡᠬᠦ ᠤᠷ᠎ᠠ ᠮᠡᠷᠭᠡᠰᠢᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠣᠣ ᠬᠤᠩ ᠭᠠᠩ ᠴᠢᠬᠤᠯᠠᠴᠢᠯᠠᠬᠤ ᠳᠠᠭᠠᠨ᠂ ᠬᠤᠭ ᠨᠣᠪᠰᠢ ᠶᠢ ᠰᠢᠢᠳᠪᠦᠷᠢᠯᠡᠬᠦ ᠪᠣᠯ ᠬᠤᠳᠠ ᠶᠢᠨ ᠬᠠᠮᠢᠶᠠᠷᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠠᠭᠤᠯᠭ᠎ᠠ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠴᠢᠨᠠᠭᠰᠢᠳᠠ ᠪᠠᠲᠤᠳᠬᠠᠵᠤ᠂ ᠬᠤᠭ ᠨᠣᠪᠰᠢ ᠪᠤᠯᠠᠬᠤ ᠲᠠᠯᠠᠪᠠᠢ ᠶᠢᠨ ᠬᠠᠮᠢᠶᠠᠷᠤᠯᠲᠠ᠂ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳᠦᠷ ᠳᠤᠳᠤᠮ ᠤᠨ ᠬᠠᠮᠠᠭᠠᠯᠠᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠭ ᠨᠣᠪᠰᠢ ᠰᠢᠢᠳᠪᠦᠷᠢᠯᠡᠬᠦ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠤᠭ ᠨᠣᠪᠰᠢ ᠪᠤᠯᠠᠬᠤ ᠲᠠᠯᠠᠪᠤᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠷᠢᠮᠲᠠᠯᠠᠵᠤ᠂ ᠲᠥᠬᠦᠭᠡᠷᠦᠮᠵᠢ ᠶᠢᠨ ᠠᠵᠢᠯ ᠤᠨ ᠦᠷ᠎ᠡ ᠪᠦᠲᠦᠮᠵᠢ ᠪᠣᠯᠣᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠥᠷᠭᠡᠨ ᠤᠯᠠᠨ ᠠᠷᠠᠳ ᠲᠦᠮᠡᠨ ᠳᠤ ᠰᠠᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠯᠭᠠᠵᠤ ᠥᠭᠬᠦ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号