ᠮᠠᠯᠴᠢᠨ ᠰᠡᠴᠡᠨᠪᠠᠭᠠᠲᠤᠷ ᠮᠠᠯ ᠪᠡᠯᠴᠢᠭᠡᠷ ᠤᠨ ᠲᠡᠩᠴᠡᠭᠦᠷᠢ ᠶᠢᠨ ᠠᠷᠭ᠎ᠠ ᠵᠠᠮ ᠬᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2024/7/5
     ᠮᠠᠨ ᠤ ᠬᠤᠰᠢᠭᠤ ᠨᠢ ᠨᠤᠳᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠶᠢ ᠰᠢᠢᠳᠪᠣᠷᠢᠯᠡᠬᠦ ᠠᠵᠢᠯ ᠢ ᠮᠠᠯ ᠪᠡᠯᠴᠢᠭᠡᠷ ᠤᠨ ᠲᠡᠩᠴᠡᠭᠦᠷᠢᠳᠡᠢ ᠬᠦᠭᠵᠢᠯᠳᠡ ᠪᠠ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠲᠠᠢ ᠤᠶᠠᠯᠳᠤᠭᠤᠯᠤᠨ ᠡᠷᠴᠢᠮᠵᠢᠭᠰᠡᠨ ᠮᠠᠯ ᠠᠵᠤ ᠠᠬᠤᠢ ᠶᠢ ᠬᠦᠭᠵᠢᠭᠦᠯᠵᠦ ᠢᠷᠡᠪᠡ᠃ ᠮᠠᠯᠴᠢᠨ ᠰᠡᠴᠡᠨᠪᠠᠭᠠᠲᠤᠷ ᠮᠠᠯ ᠰᠦᠷᠦᠭ ᠤᠨ ᠪᠦᠲᠦᠴᠡ ᠳᠡᠭᠡᠨ ᠲᠤᠬᠢᠷᠠᠭᠤᠯᠤᠯᠳᠠ ᠬᠢᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠷᠭ᠎ᠠ ᠵᠠᠮ ᠬᠠᠶᠢᠵᠤ ᠪᠠᠶᠢᠨ᠎ᠠ᠃
    ᠰᠡᠴᠡᠨᠪᠠᠭᠠᠲᠤᠷ ᠤᠨ ᠬᠢ ᠪᠣᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤᠨ ᠤ ᠤᠷᠲᠤ ᠶᠢᠨ ᠭᠤᠣᠯ ᠭᠠᠴᠠᠭᠠᠨ ᠤ ᠮᠠᠯᠵᠢᠯ ᠤᠨ ᠲᠤᠮᠤᠬᠠᠨ ᠡᠷᠦᠬᠡ ᠪᠠᠶᠢᠵᠤ᠂ 300 ᠠᠳᠤᠭᠤ᠂ 60 ᠦᠬᠡᠷ᠂ 200 ᠭᠠᠷᠤᠢ ᠬᠤᠨᠢ ᠮᠠᠯᠵᠢᠵᠤ ᠪᠠᠶᠢᠪᠠ᠃ ᠲᠤᠬᠠᠢ ᠶᠢᠨ ᠦᠶ᠎ᠡ ᠳᠤ᠂ ᠮᠠᠯ ᠤᠨ ᠲᠤᠭ᠎ᠠ ᠲᠣᠯᠣᠭᠠᠢ ᠣᠯᠠᠨ ᠴᠦ ᠨᠤᠳᠤᠭ ᠪᠡᠯᠴᠢᠭᠡᠷ ᠲᠦᠷᠢᠶᠡᠰᠦᠯᠡᠬᠦ᠂ ᠡᠪᠡᠰᠦ ᠪᠤᠷᠳᠤᠭ᠎ᠠ ᠬᠤᠳᠠᠯᠳᠤᠨ ᠠᠪᠬᠤ ᠳᠤ ᠭᠡᠷ ᠪᠦᠯᠢ ᠶᠢᠨ ᠤᠷᠤᠯᠭ᠎ᠠ ᠶᠢᠨ ᠢᠶᠠᠨ ᠬᠠᠭᠠᠰ ᠢᠯᠡᠭᠦᠦ ᠶᠢ ᠵᠠᠷᠤᠴᠠᠭᠤᠯᠳᠠᠭ ᠪᠠᠶᠢᠵᠠᠢ᠃
     ᠨᠤᠳᠤᠭ ᠪᠡᠯᠴᠢᠭᠡᠷ ᠢᠶᠠᠨ ᠬᠠᠮᠠᠭᠠᠯᠠᠬᠤ ᠪᠠ ᠤᠷᠤᠯᠭ᠎ᠠ ᠶᠢᠨ ᠨᠡᠮᠡᠭᠳᠡᠯ ᠢᠶᠠᠨ ᠪᠠᠳᠤᠯᠠᠬᠤ ᠶᠢᠨ ᠲᠤᠯᠠᠳᠠ᠂ ᠰᠡᠴᠡᠨᠪᠠᠭᠠᠲᠤᠷ ᠦᠩᠭᠡᠷᠡᠭᠰᠡᠨ ᠵᠢᠯ ᠦᠬᠡᠷ ᠢᠶᠠᠨ ᠬᠤᠳᠠᠯᠳᠤᠵᠤ᠂ ᠬᠤᠨᠢ 200 ᠡᠬᠡ ᠮᠠᠯ ᠯᠡ ᠦᠯᠡᠳᠡᠭᠡᠵᠦ᠂ ᠡᠪᠦᠯ ᠬᠠᠪᠤᠷ ᠤᠨ ᠤᠯᠠᠷᠢᠯ ᠳᠤ ᠬᠠᠰᠢᠶᠠᠯᠠᠨ ᠲᠡᠵᠢᠭᠡᠪᠡ᠃ ᠡᠭᠦᠨ ᠤ ᠬᠠᠮᠲᠤ ᠡᠷᠲᠡ ᠲᠡᠵᠢᠭᠡᠬᠦ᠂ ᠡᠷᠲᠡ ᠶᠢᠨ ᠲᠥᠯ ᠲᠣᠰᠬᠤ᠂ ᠡᠷᠲᠡ ᠪᠣᠷᠣᠯᠠᠭᠤᠯᠬᠤ ᠠᠷᠭ᠎ᠠ ᠵᠠᠮ ᠬᠠᠶᠢᠵᠤ᠂ ᠮᠠᠯᠵᠢᠬᠤ ᠡᠷᠦᠬᠡ ᠪᠠ ᠨᠡᠶᠢᠭᠡᠮᠯᠢᠭ ᠤᠨ ᠡᠷᠳᠡ ᠶᠢᠨ ᠬᠤᠷᠠᠭ᠎ᠠ ᠪᠤᠷᠤᠯᠠᠭᠤᠯᠬᠤ ᠵᠦᠪᠯᠡᠯᠴᠡᠭᠡᠷ ᠶᠤᠰᠤᠭᠠᠷ᠂ 5 ᠰᠠᠷ᠎ᠠ ᠶᠢᠨ ᠰᠡᠭᠦᠯᠴᠢ ᠪᠠᠷ 110 ᠬᠤᠷᠠᠭ᠎ᠠ ᠪᠠᠨ ᠠᠮᠢᠳᠤ ᠪᠠᠷ ᠨᠢ ᠭᠠᠳᠠᠨ᠎ᠠ ᠶᠢᠨ ᠠᠷᠠᠯᠵᠢᠶᠠᠴᠢᠨ ᠳᠤ ᠬᠤᠳᠠᠯᠳᠤᠪᠠ᠃
    ᠰᠡᠴᠡᠨᠪᠠᠭᠠᠲᠤᠷ ᠡᠨᠡ ᠵᠢᠯ ᠠᠴᠠ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠦᠢᠯᠡᠰ ᠤᠨ ᠦᠷ᠎ᠡ ᠠᠰᠢᠭ ᠲᠤ ᠰᠠᠭᠤᠷᠢᠯᠠᠨ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠶᠢ ᠬᠤᠷᠢᠭᠯᠠᠬᠤ ᠱᠠᠭᠠᠷᠳᠠᠯᠭ᠎ᠠ ᠶᠤᠰᠤᠭᠠᠷ ᠂ ᠲᠤᠰᠬᠠᠶᠢᠵᠢᠭᠰᠠᠨ ᠮᠠᠯᠵᠢᠬᠤ ᠦᠢᠯᠡᠳᠪᠦᠷᠢᠯᠡᠯ ᠡᠷᠬᠢᠯᠡᠬᠦ ᠪᠠᠷ ᠪᠤᠯᠪᠠ᠃ ᠡᠶᠢᠨᠬᠦ ᠲᠡᠷᠡ ᠪᠠᠷ ᠨᠤᠳᠤᠭ ᠪᠡᠯᠴᠢᠭᠡᠷ᠂ ᠭᠡᠷ ᠪᠦᠯᠢ ᠶᠢᠨ ᠮᠠᠯᠵᠢᠯ ᠤᠨ ᠪᠠᠶᠢᠳᠠᠯ ᠢᠶᠠᠨ ᠦᠨᠳᠦᠰᠦᠯᠡᠨ᠂ ᠬᠤᠨᠢ ᠪᠠᠨ ᠬᠤᠳᠠᠯᠳᠤᠨ ᠮᠣᠩᠭᠤᠯ ᠠᠳᠤᠭᠤ ᠲᠡᠵᠢᠭᠡᠵᠦ᠂ ᠰᠢᠨᠵᠢᠯᠡᠬᠦ ᠤᠬᠠᠭᠠᠨᠴᠢ ᠲᠡᠵᠢᠭᠡᠨ ᠠᠷᠠᠴᠢᠯᠠᠭ᠎ᠠ ᠪᠠ ᠴᠡᠭᠡ ᠶᠢ ᠨᠠᠷᠢᠯᠢᠭ ᠡᠳ᠋ᠰᠢᠭᠦᠯᠬᠦ ᠡᠵᠡᠩᠨᠡᠯᠲᠡ ᠶᠢᠨ ᠠᠷᠭ᠎ᠠ ᠵᠠᠮ ᠢᠶᠠᠷ ᠲᠠᠮᠵᠢᠭᠤᠯᠤᠨ ᠠᠳᠤᠭᠤᠨ ᠦᠢᠯᠡᠰ ᠢ ᠬᠦᠭᠵᠢᠬᠦᠯᠬᠦ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号