ᠰᠢᠯᠢ ᠶᠢᠨ ᠭᠤᠣᠯ ᠠᠶᠢᠮᠠᠭ ᠤᠨ ᠬᠥᠯᠳᠡᠭᠡᠭᠰᠡᠨ ᠲᠥᠮᠥᠰᠥᠨ ᠵᠦᠰᠦᠮ ᠢ ᠭᠠᠳᠠᠭᠠᠳᠤ ᠳᠤ ᠭᠠᠷᠭᠠᠭᠰᠠᠨ ᠬᠡᠮᠵᠢᠶ᠎ᠡ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/7/5
    ᠣᠶᠢᠷ᠎ᠠ ᠳᠤ᠂ ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ ᠠᠵᠢᠯᠴᠢᠳ ᠦᠢᠯᠡᠳᠪᠦᠷᠢᠯᠡᠭᠰᠡᠨ ᠬᠥᠯᠳᠡᠭᠡᠭᠰᠡᠨ ᠲᠥᠮᠥᠰᠥᠨ ᠵᠦᠰᠦᠮ ᠢᠶᠠᠨ ᠪᠣᠭᠤᠳᠠᠯᠯᠠᠨ ᠶᠠᠭᠠᠷᠠᠯᠳᠤᠵᠤ᠂ ᠡᠳᠡᠭᠡᠷ ᠲᠥᠮᠥᠰᠥᠨ ᠵᠦᠰᠦᠮ ᠢ ᠢᠨᠳᠤᠨᠧᠰᠢᠶ᠎ᠠ᠂ ᠹᠢᠯᠢᠫᠢᠨ ᠵᠡᠷᠭᠡ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠲᠤ ᠭᠠᠷᠭᠠᠬᠤ ᠪᠣᠯᠣᠨ᠎ᠠ᠃           ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠬᠤᠷᠠᠯ ᠤᠨ ᠭᠡᠷ ᠲᠤ᠂ ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠠᠵᠢᠯᠲᠠᠳ ᠶᠠᠭ ᠠᠵᠤ ᠠᠬᠤᠶᠢᠯᠠᠯ ᠤᠨ AEO ᠭᠡᠷᠡᠴᠢᠯᠡᠯ ᠤᠨ ᠡᠷᠡᠮᠡᠯᠵᠡᠯ ᠤᠨ ᠮᠠᠲ᠋ᠧᠷᠢᠶᠠᠯ ᠢ ᠬᠡᠷᠬᠢᠨ ᠲᠡᠭᠦᠯᠳᠡᠷᠵᠢᠭᠦᠯᠬᠦ ᠶᠢ ᠵᠢᠭᠠᠨ ᠵᠢᠯᠤᠭᠤᠳᠴᠤ᠂ ᠡᠨᠡ ᠵᠢᠯ ᠳᠤ ᠠᠵᠤ ᠠᠬᠤᠶᠢᠯᠠᠯ ᠢ ᠬᠠᠪᠰᠤᠷᠤᠨ AEO ᠭᠡᠷᠡᠴᠢᠯᠡᠯ ᠢ ᠨᠢ ᠭᠦᠢᠴᠡᠳᠬᠡᠬᠦ ᠪᠠᠷ ᠴᠢᠷᠮᠠᠶᠢᠵᠤ ᠪᠠᠶᠢᠪᠠ᠃ ᠭᠡᠷᠡᠴᠢᠯᠡᠯ ᠳᠠᠭᠤᠰᠤᠭᠰᠠᠨ ᠤ ᠲᠠᠷᠠᠭ᠎ᠠ ᠲᠣᠰ ᠠᠵᠤ ᠠᠬᠤᠶᠢᠯᠠᠯ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ ᠨᠠᠩ ᠣᠯᠠᠨ ᠠᠷᠭ᠎ᠠ ᠬᠡᠮᠵᠢᠶ᠎ᠡ ᠶᠢᠨ ᠬᠠᠷᠠᠭᠠᠯᠵᠠᠯ ᠢ ᠭᠦᠷᠳᠡᠭᠦ ᠪᠣᠯᠣᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠪᠣᠯ ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠭᠤᠣᠯᠳᠠᠯᠭ᠎ᠠ ᠲᠠᠢ ᠬᠥᠭᠵᠢᠭᠦᠯᠦᠭᠰᠡᠨ ᠲᠣᠯᠣᠭᠠᠶᠢᠯᠠᠭᠴᠢ ᠠᠵᠤ ᠠᠬᠤᠶᠢᠯᠠᠯ ᠪᠠᠶᠢᠵᠤ᠂ ᠡᠨᠡ ᠵᠢᠯ ᠤᠨ ᠲᠦᠷᠦᠭᠦᠤ 4 ᠰᠠᠷ᠎ᠠ ᠳᠤ᠂ ᠲᠣᠰ ᠠᠵᠤ ᠠᠬᠤᠶᠢᠯᠠᠯ ᠤᠨ ᠬᠠᠷᠢᠶ᠎ᠠ ᠭᠠᠵᠠᠷ ᠤᠨ 6304 ᠲᠣᠨ ᠬᠥᠯᠳᠡᠭᠡᠭᠰᠡᠨ ᠲᠥᠮᠥᠰᠥᠨ ᠵᠦᠰᠦᠮ ᠢ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠭᠰᠠᠨ ᠬᠥᠯᠳᠡᠭᠡᠭᠰᠡᠨ ᠲᠥᠮᠥᠰᠥᠨ ᠵᠦᠰᠦᠮ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 69.4% ᠪᠠᠷ ᠨᠡᠮᠡᠭᠳᠡᠨ᠂ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃            ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠪᠦᠲᠦᠭᠡᠭᠳᠡᠬᠦᠨ ᠤ ᠳᠠᠭᠠᠭᠠᠮᠠᠯ ᠵᠣᠣ ᠶᠠᠨ ᠢᠯᠡᠷᠬᠡᠶᠢᠯᠡᠬᠦ ᠳᠡᠭᠡᠨ᠄ ︽ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠥᠯᠳᠡᠭᠡᠭᠰᠡᠨ ᠲᠥᠮᠥᠰᠥᠨ ᠵᠦᠰᠦᠮ ᠤᠨ ᠬᠡᠷᠡᠭᠴᠡᠭᠡ ᠲᠤᠩ ᠶᠡᠭᠡ ᠪᠠᠶᠢᠵᠤ᠂ ᠡᠨᠡ ᠬᠡᠳᠦᠨ ᠵᠢᠯ ᠵᠠᠬᠢᠶᠠᠯᠠᠭ᠎ᠠ ᠶᠢᠨ ᠬᠡᠮᠵᠢᠶ᠎ᠡ ᠶᠡᠭᠡ ᠪᠠᠷ ᠨᠡᠮᠡᠭᠳᠡᠪᠡ᠂ ᠪᠢᠳᠡ ᠲᠠᠭᠢᠨ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠦᠢᠯᠡᠳᠪᠦᠷᠢᠯᠡᠯ ᠤᠨ ᠱᠤᠭᠤᠮ ᠵᠢᠴᠢ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠥᠷᠭᠡᠳᠬᠡᠬᠦ ᠪᠠᠷ ᠲᠥᠯᠥᠪᠯᠡᠵᠦ ᠪᠠᠶᠢᠨ᠎ᠠ᠂ ᠲᠣᠰ ᠦᠢᠯᠡᠳᠪᠦᠷᠢᠯᠡᠯ ᠤᠨ ᠱᠤᠭᠤᠮ ᠢ 2025 ᠣᠨ ᠳᠤ ᠠᠰᠢᠭᠯᠠᠯᠲᠠ ᠳᠤ ᠣᠷᠣᠭᠤᠯᠵᠤ ᠵᠢᠯ ᠳᠤ 15 ᠲᠦᠮᠡᠨ ᠲᠣᠨ ᠬᠥᠯᠳᠡᠭᠡᠭᠰᠡᠨ ᠲᠥᠮᠥᠰᠥᠨ ᠵᠦᠰᠦᠮ ᠦᠢᠯᠡᠳᠪᠦᠷᠢᠯᠡᠬᠦ ᠴᠢᠳᠠᠪᠬᠢ ᠲᠠᠢ ᠪᠣᠯᠣᠨ᠎ᠠ︾ ᠭᠡᠪᠡ᠃            ᠵᠡᠭᠦᠨ ᠦᠵᠦᠮᠦᠴᠢᠨ ᠬᠢᠯᠢ ᠶᠢᠨ ᠪᠣᠭᠤᠮᠲᠠ ᠣᠷᠣᠨ ᠪᠦᠰᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ︽ᠵᠠᠭᠤᠨ ᠬᠥᠮᠥᠨ ᠮᠢᠩᠭᠠᠨ ᠠᠵᠤ ᠠᠬᠤᠶᠢᠯᠠᠯ ᠲᠠᠢ ᠬᠤᠯᠪᠤᠭᠠᠯᠠᠨ ᠭᠠᠳᠠᠭᠠᠳᠤ ᠠᠷᠠᠯᠵᠢᠶ᠎ᠠ ᠶᠢ ᠠᠬᠢᠭᠤᠯᠬᠤ︾᠂ ︽ᠪᠣᠭᠤᠮᠲᠠ ᠶᠢᠨ ᠳᠠᠷᠤᠭ᠎ᠠ ᠲᠥᠷᠥ  ᠶᠢᠨ ᠪᠣᠳᠣᠯᠭ᠎ᠠ ᠶᠢ ᠭᠡᠷ ᠲᠤ ᠨᠢ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠨ᠂ ᠣᠷᠣᠰᠢᠵᠤ  ᠪᠠᠶᠢᠭ᠎ᠠ  ᠬᠦᠴᠢᠷᠳᠡᠯ  ᠢ   ᠨᠢ   ᠰᠢᠢᠳᠪᠦᠷᠢᠯᠡᠪᠡ᠃ ᠲᠤᠬᠠᠶᠢᠯᠠᠭᠰᠠᠨ ᠠᠵᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ᠂ ︽ᠨᠢᠭᠡ ᠭᠠᠷᠠᠭ ᠲᠤ ᠨᠢᠭᠡ ᠠᠬᠢᠭᠤᠯᠬᠤ︾᠂ ︽ᠰᠦᠯᠵᠢᠶᠡᠨ ᠳᠡᠭᠡᠷ᠎ᠡ ᠴᠠᠭ ᠲᠤᠬᠠᠢ ᠳᠤᠨᠢ ᠬᠠᠷᠢᠭᠤᠯᠲᠠ ᠥᠭᠬᠦ︾ ᠵᠡᠷᠭᠡ ᠭᠡᠯᠪᠡᠷᠢ ᠪᠠᠷ ᠠᠵᠤ ᠠᠬᠤᠶᠢᠯᠠᠯ ᠤᠨ ᠬᠠᠮᠢᠶᠠᠷᠤᠯᠲᠠ ᠪᠠᠨ ᠰᠢᠯᠢᠳᠡᠭᠵᠢᠭᠦᠯᠬᠦ᠂ ᠠᠷᠠᠯᠵᠢᠶᠠᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠳᠡᠭᠡᠭᠰᠢᠯᠡᠭᠦᠯᠭᠦ ᠶᠢ ᠵᠢᠯᠣᠭᠤᠳᠤᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ AEO ᠶᠢᠨ ᠭᠡᠷᠡᠴᠢᠯᠡᠯ ᠣᠯᠬᠤ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠬᠥᠯᠳᠡᠭᠡᠭᠰᠡᠨ ᠲᠥᠮᠥᠰᠥᠨ ᠵᠦᠰᠦᠮ ᠢᠶᠠᠷ ᠲᠥᠯᠥᠭᠡᠯᠡᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠬᠠᠷᠢᠶ᠎ᠠ ᠭᠠᠵᠠᠷ ᠤᠨ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠳᠠᠭᠠᠳᠤ ᠳᠤ ᠭᠠᠷᠭᠠᠬᠤ ᠥᠪᠡᠷ ᠤᠨ ᠥᠷᠲᠡᠭ ᠢ ᠪᠠᠭᠤᠷᠠᠭᠤᠯᠬᠤ᠂ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠶᠢ ᠠᠬᠢᠭᠤᠯᠪᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号