ᠨᠢᠭᠡ ᠰᠠᠷ᠎ᠠ ᠶᠢᠨ ᠬᠤᠭᠤᠴᠠᠭᠠᠨ ᠳᠤ ᠳᠦᠮᠡᠨ ᠳᠦᠭᠦᠷᠡᠭ ᠤᠨ ᠴᠡᠭᠡ ᠪᠣᠷᠤᠯᠠᠭᠤᠯᠪᠠ
ᠨᠡᠶᠢᠲᠡᠯᠡᠭᠰᠡᠨ ᠴᠠᠭ᠄
2024/7/8
     ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠤᠩᠭᠤᠨ ᠭᠠᠴᠠᠭᠠᠨ ᠤ ᠮᠠᠯᠴᠢᠨ ᠴᠤᠭᠲᠤ ᠶᠢᠨ ᠎ ᠬᠢ ᠢᠨᠵᠠᠭᠠᠨ ᠭᠤᠣᠯ ‍ᠦᠯ ᠪᠠᠷᠠᠭᠤᠨ ᠳᠡᠨᠵᠢ ᠪᠠᠷ ᠰᠠᠭᠤᠷᠢᠰᠢᠵᠤ᠂  ᠨᠤᠲᠤᠭ ᠪᠠᠯᠴᠢᠬᠡᠷ ᠲᠡᠭᠡᠨ ᠵᠣᠬᠢᠴᠠᠭᠤᠯᠤᠨ 50 ᠭᠠᠷᠤᠢ ᠠᠳᠤᠭᠤ ᠮᠠᠯᠵᠢᠵᠤ ᠪᠠᠶᠢᠳᠠᠭ᠃ ︽99 ᠨᠣᠮᠧᠷᠲᠤ ᠵᠠᠰᠠᠮᠠᠯ ᠵᠠᠮ︾᠎ ᠠᠴᠠ ᠣᠶᠢᠷᠠᠬᠠᠨ ᠪᠠᠶᠢᠳᠠᠭ ᠳᠠᠪᠠᠭᠤᠯᠢᠭ ᠲᠠᠯ᠎ᠠ ᠪᠠᠨ ᠠᠰᠢᠭᠯᠠᠨ᠂ ᠴᠣᠭᠲᠤ ᠭᠡᠷᠭᠡᠢ ᠬᠠᠰᠲᠤᠶᠠᠭ᠎ᠠ ᠲᠠᠢ ᠪᠠᠨ ᠬᠤᠶᠠᠭᠤᠯᠠ ᠠᠳᠤᠭᠤ ᠮᠠᠯ ᠤᠨ ᠢᠶᠠᠨ ᠠᠰᠢᠭ ᠰᠢᠮ᠎ᠠ ᠎ ᠪᠠᠷ ᠪᠠᠭ᠎ᠠ ᠴᠤ ᠭᠡᠰᠡᠨ ᠣᠷᠣᠯᠭ᠎ᠠ ᠡᠭᠦᠳᠬᠦ ᠰᠠᠨᠠᠭ᠎ᠠ ᠲᠦᠷᠦᠭᠳᠡᠵᠦ᠂ 2024 ᠣᠨ ᠤ 6 ᠰᠠᠷ᠎ᠠ ᠶᠢᠨ ᠰᠢᠨᠡᠳ ᠠᠴᠠ ᠡᠬᠢᠯᠡᠨ ᠠᠷᠪᠠᠭᠠᠳ ᠬᠡᠭᠦᠦ ᠰᠠᠭᠠᠵᠤ᠂ ᠤᠯᠠᠮᠵᠢᠯᠠᠯᠳᠤ ᠠᠷᠭ᠎ᠠ ᠪᠠᠷ ᠪᠣᠯᠪᠠᠰᠤᠷᠠᠭᠤᠯᠤᠭᠰᠠᠨ ᠴᠣᠯ ᠪᠠᠶᠢᠭᠠᠯᠢᠯᠠᠭ ᠴᠡᠭᠡ ᠪᠠᠨ ᠳᠤᠷᠰᠢᠨ ᠪᠣᠷᠤᠯᠠᠭᠤᠯᠵᠤ ᠡᠬᠢᠯᠡᠭᠰᠡᠨ ᠪᠠᠶᠢᠨ᠎ᠠ᠃     ᠴᠡᠭᠡ ᠨᠢ ᠵᠣᠴᠢᠨ ᠳᠠᠶᠢᠯᠠᠬᠤ ᠰᠠᠶᠢᠬᠠᠨ ᠤᠮᠳᠠᠭᠠᠨ ᠮᠥᠷᠲᠡᠭᠡᠨ ᠬᠥᠮᠥᠨ ᠤ ᠪᠠᠶ᠎ᠡ ᠶᠢᠨ ᠡᠷᠡᠭᠦᠯ ᠮᠡᠨᠳᠤ ᠳᠤ ᠣᠨᠴᠡ ᠲᠤᠰᠡᠲᠡᠢ ᠪᠠᠶᠢᠳᠠᠭ᠃ ᠵᠤᠨ ᠤ ᠲᠡᠯᠭᠡᠷ ᠴᠠᠭ ᠢᠶᠠᠷ ᠣᠪᠣᠭᠠᠨ ᠲᠠᠬᠢᠯᠭ᠎ᠠ ᠵᠡᠷᠭᠡ ᠡᠯ᠎ᠡ ᠲᠦᠷᠦᠯ ᠤᠨ ᠨᠠᠶᠢᠷ ᠣᠯᠠᠨ ᠪᠠᠶᠢᠳᠠᠭ ᠮᠥᠷᠲᠡᠭᠡᠨ ᠬᠥᠳᠡᠭᠡ ᠶᠢᠨ ᠨᠠᠶᠢᠷ ᠨᠠᠭᠠᠳᠦᠮ ᠨᠢ ᠮᠠᠯᠴᠢᠳ ᠤᠨ ᠪᠦᠳᠦᠭᠡᠭᠳᠡᠭᠦᠨ ᠢᠶᠠᠨ ᠪᠣᠷᠣᠯᠠᠭᠤᠯᠬᠤ ᠰᠠᠶᠢᠬᠠᠨ ᠲᠣᠬᠢᠶᠠᠯ ᠪᠣᠯᠳᠠᠭ᠃ ᠡᠨᠡᠬᠦ ᠳᠣᠬᠢᠶᠠᠯ ᠢᠶᠠᠷ ᠴᠤᠭᠲᠤ᠂ ᠬᠠᠰᠳᠤᠶᠠᠭ᠎ᠠ ᠬᠤᠶᠠᠷ ︽ᠶᠠᠭᠤ ᠨᠢᠭᠡ ᠶᠢ ᠬᠢᠬᠦ︾ ᠭᠡᠰᠡᠨ ᠵᠣᠷᠢᠯᠭ᠎ᠠ ᠳᠠᠭᠠᠨ ᠤᠷᠮᠠᠰᠢᠨ᠂ ᠣᠶᠢᠷ᠎ᠠ ᠣᠷᠴᠢᠮ ᠤᠨ ᠣᠪᠣᠭᠠᠨ ᠨᠠᠶᠢᠷ ᠪᠣᠯᠣᠨ ᠸᠢᠴᠡᠲ ᠬᠤᠯᠪᠤᠭ᠎ᠠ ᠪᠠᠷ ᠴᠡᠭᠡ ᠬᠤᠲᠠᠯᠳᠣᠬᠤ ᠪᠣᠯᠵᠤ᠂ ᠨᠢᠭᠡ ᠰᠠᠷ᠎ᠠ ᠶᠢᠨ ᠳᠣᠲᠣᠷ᠎ᠠ ᠳᠦᠮᠡᠨ  ᠲᠦᠭᠦᠷᠢᠭ ᠤᠨ ᠴᠡᠭᠡ ᠪᠣᠷᠣᠯᠠᠭᠤᠯᠵᠠᠢ᠃ ᠬᠤᠯᠠ ᠣᠶᠢᠷ᠎ᠠ ᠶᠢᠨ ᠮᠠᠯᠴᠢᠳ ᠨᠢ ᠴᠤ ᠬᠢᠮᠲᠡ ᠮᠥᠷᠲᠡᠭᠡᠨ ᠴᠡᠪᠡᠷ ᠰᠠᠶᠢᠨ ᠴᠡᠭᠡ ᠵᠠᠬᠢᠶᠡᠯᠡᠵᠤ ᠤᠤᠭᠤᠬᠤ ᠪᠣᠯᠤᠭᠰᠠᠨ ᠢᠶᠠᠷ ᠲᠡᠳᠡᠨ ᠤ ᠬᠢᠵᠦ ᠪᠦᠲᠦᠭᠡᠶ᠎ᠡ ᠭᠡᠰᠡᠨ  ᠢᠳᠡᠪᠬᠢᠲᠡᠢ ᠠᠵᠢᠯᠯᠠᠭ᠎ᠠ ᠶᠢ ᠨᠢ ᠵᠣᠷᠢᠭᠵᠢᠭᠤᠯᠵᠤ᠂ ᠤᠷᠮ᠎ᠠ ᠵᠣᠷᠢᠭ ᠢ ᠨᠢ  ᠬᠥᠪᠴᠢᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号