︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠥᠬᠦ ᠲᠠᠯ᠎ᠠ ᠪᠠᠷ ᠬᠠᠤᠯᠢ | ᠶᠣᠰᠣᠭᠠᠷ ᠤᠯᠤᠰ ᠢᠶᠠᠨ ᠵᠠᠰᠠᠬᠤ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠴᠢᠬᠤᠯᠠ | ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠳᠠᠭᠠᠭᠠᠨ ᠡᠭᠦᠷᠭᠡᠯᠡᠵᠦ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠳᠤᠮᠳᠠ ᠣᠷᠳᠣ | ᠬᠤᠭᠤᠴᠠᠭᠠᠨ ᠤ ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ . | ︵ᠲᠠᠪᠤ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠤᠲᠠ ᠬᠥᠳᠡᠭᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠢ | ᠲᠥᠯᠥᠪᠯᠡᠬᠦ ᠪᠠ ᠪᠠᠶᠢᠷᠢᠯᠠᠭᠤᠯᠬᠤ ᠶᠢ ᠬᠠᠷᠢᠭᠤᠴᠠᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ | ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ | ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠦᠨ ᠵᠣᠬᠢᠴᠠᠭᠤᠯᠵᠤ᠂ ᠪᠥᠬᠦ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ︵ᠨᠠᠢᠮᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ | ᠠᠵᠢᠯ ᠢ ᠬᠡᠷᠡᠭᠵᠢᠭᠦᠯᠦᠨ᠎ᠡ᠃ | ︵ᠶᠢᠰᠦ︶ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠨ᠎ᠡ᠃ |