ᠭᠤᠷᠣᠬᠠᠨ ᠪᠠᠯᠭᠠᠰᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ  ᠳᠡᠪᠰᠢᠭᠦᠯᠬᠦ ᠶᠢ ᠴᠢᠩᠭᠠᠳᠬᠠᠨ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠢ ᠬᠦᠴᠦᠯᠡᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2024/7/8
      ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠬᠥᠭᠵᠢᠶᠡᠨᠲᠡᠢ ᠪᠠᠶᠢᠵᠤ᠂ ᠦᠬᠡᠷ ᠮᠣᠷᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠤᠯᠠᠰᠢᠷᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠰᠤᠷᠠᠭᠯᠠᠬᠤ ᠪᠠᠷ ᠢᠷᠡᠭᠰᠡᠨ ᠮᠠᠯᠴᠢᠳ ᠪᠤᠯᠤᠨ ᠬᠤᠳᠠᠯᠳᠤᠭᠠᠴᠢᠳ ᠴᠦ ᠠᠷᠪᠢᠳᠴᠠᠢ᠂ ᠡᠬᠦᠨ ᠳᠤ ᠯᠢᠶᠣᠤᠨᠢᠩ᠂ ᠾᠧᠪᠸᠢ᠂ ᠲᠦᠩᠯᠢᠶᠣᠣ ᠵᠡᠷᠭᠡ ᠭᠠᠵᠠᠷ ᠣᠷᠣᠨ ᠠᠴᠠ ᠢᠷᠡᠭᠰᠡᠨ ᠬᠤᠳᠠᠯᠳᠤᠭᠠᠴᠢᠳ ᠴᠦ ᠪᠠᠶᠢᠯ᠎ᠠ᠃      ᠦᠯᠵᠡᠶᠢᠮᠡᠨᠲᠦ ᠪᠣᠯ ᠪᠠᠶᠠᠩᠬᠤᠸᠠ ᠪᠠᠯᠭᠠᠰᠤᠨ ᠤ ᠪᠠᠶᠠᠠᠬᠦ᠋ᠪᠡᠭᠡ ᠭᠠᠴᠠᠭᠠᠨ ᠤ ᠮᠠᠯᠴᠢᠨ᠂ ᠥᠨᠥᠳᠥᠷ ᠲᠡᠷᠡ 7 ᠡᠷ᠎ᠡ ᠲᠤᠭᠤᠯ ᠪᠠ 1 ᠦᠬᠢᠨ ᠪᠢᠷᠠᠭᠤ ᠠᠪᠴᠢᠷᠠᠭᠠᠳ ᠴᠠᠭ ᠭᠠᠷᠤᠢ ᠶᠢᠨ ᠲᠤᠳᠤᠷ᠎ᠠ ᠪᠦᠬᠦᠨ ᠢ ᠬᠠᠨᠤᠮᠵᠢᠲᠠᠢ ᠦᠨ᠎ᠡ ᠪᠠᠷ ᠬᠤᠳᠠᠯᠳᠤᠭᠰᠠᠨ ᠳᠤ ᠪᠠᠨ ᠲᠤᠩ ᠪᠠᠶᠠᠷᠲᠠᠢ ᠪᠠᠶᠢᠯ᠎ᠠ᠃      ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ  ᠪᠦᠲᠦᠮᠵᠢᠲᠡᠶ ᠠᠷᠭ᠎ᠠ ᠵᠠᠮ ᠤᠨ ᠨᠢᠭᠡ ᠪᠣᠯᠤᠭᠰᠠᠨ ᠲᠣᠰ ᠠᠮᠢᠳᠤ ᠮᠠᠯ ‍ᠤᠨ‌ᠠᠷᠠᠯᠵᠢᠶᠠᠨ ᠤ ᠵᠠᠬ᠎ᠠ ᠨᠢ ᠦᠬᠡᠷ᠂ ᠮᠣᠷᠢ᠂ ᠬᠤᠨᠢᠨ ᠤ ᠠᠷᠠᠯᠵᠢᠶ᠎ᠠ ᠪᠠᠷ ᠭᠤᠣᠯ ᠪᠣᠯᠭᠠᠵᠤ᠂ 3000 ᠣᠷᠴᠢᠮ ᠪᠤᠳᠠ ᠮᠠᠯ ᠢ ᠪᠠᠭᠲᠠᠭᠠᠵᠤ ᠳᠡᠶᠢᠯᠳᠡᠭ᠃ ᠡᠨᠡ ᠵᠢᠯ ᠤᠨ 4 ᠰᠠᠷ᠎ᠠ ᠳᠤ ᠠᠵᠢᠯ ᠡᠬᠢᠯᠡᠭᠰᠡᠨ ᠠᠴᠠ ᠨᠠᠰᠢ ᠲᠣᠰ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠣᠲᠣ ᠪᠣᠯᠲᠠᠯ᠎ᠠ 4000 ᠲᠣᠯᠣᠭᠠᠢ ᠮᠠᠯ  ᠠᠷᠠᠯᠵᠢᠶᠠᠯᠠᠭᠰᠠᠨ ᠪᠠᠶᠢᠨ᠎ᠠ᠃ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠳᠥᠭᠦᠮ ᠳᠥᠲᠡ ᠵᠠᠮ ᠬᠠᠷᠢᠯᠴᠠᠭ᠎ᠠ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠᠷ ᠳᠠᠮᠵᠢᠭᠤᠯᠤᠨ᠂  ᠭᠠᠷᠠᠭ ᠪᠦᠷᠢ ᠶᠢᠨ ᠭᠠᠷᠠᠭ ᠤᠨ ᠭᠤᠷᠪᠠᠨ᠂ ᠭᠠᠷᠠᠭ ᠤᠨ ᠵᠢᠷᠭᠤᠭᠠᠨ ᠳᠤ ᠴᠢᠨᠠᠷ ᠰᠠᠶᠢᠲᠠᠢ ᠠᠮᠢᠳᠤ ᠮᠠᠯ ᠤᠨ ᠠᠷᠠᠯᠵᠢᠶᠠᠨ ᠤ ᠦᠢᠯᠡᠴᠢᠯᠡᠭᠡ ᠶᠢ ᠬᠠᠩᠭᠠᠵᠤ᠂ ᠮᠠᠯᠴᠢᠨ ᠲᠦᠮᠡᠨ ᠳᠤ ᠦᠷ᠎ᠡ ᠠᠰᠢᠭ ᠥᠨᠳᠥᠷ᠂ ᠥᠪᠡᠷ ᠤᠨ ᠦᠷᠳᠡᠭ ᠳᠣᠣᠷ᠎ᠠ ᠠᠮᠢᠳᠤ ᠮᠠᠯ ᠤᠨ ᠰᠣᠯᠢᠯᠴᠠᠭᠠᠨ ᠤ ᠲᠠᠪᠴᠠᠩ ᠵᠢᠴᠢ ᠢᠯᠡ ᠲᠣᠳᠣ ᠵᠠᠬ᠎ᠠ ᠳᠡᠯᠭᠡᠭᠦᠷ ᠤᠨ ᠦᠨ᠎ᠡ ᠬᠠᠩᠰᠢ ᠶᠢ  ᠴᠠᠭ ᠲᠤᠬᠠᠢ ᠳᠤᠨᠢ ᠣᠶᠢᠯᠠᠭᠠᠭᠤᠯᠵᠤ᠂ ᠮᠠᠯᠴᠢᠳ ᠪᠣᠯᠣᠨ ᠬᠤᠳᠠᠯᠳᠤᠭᠠᠴᠢᠨ ᠤ ᠬᠤᠭᠤᠷᠣᠨᠳᠤ ᠬᠥᠭᠦᠷᠭᠡ ᠬᠤᠯᠪᠤᠭᠠᠰᠤ ᠶᠢᠨ ᠵᠠᠩᠭᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠭᠰᠠᠨ ᠪᠠᠶᠢᠨ᠎ᠠ᠃ ᠨᠡᠩ ᠴᠤ ᠮᠠᠯᠴᠢᠳ ᠤᠨ ᠮᠠᠯ ᠤᠨ ᠭᠠᠷᠭᠠᠯᠲᠠ ᠳᠤ ᠤᠯᠠᠨ ᠶᠠᠩᠵᠤ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠬᠠᠩᠭᠠᠵᠤ᠂ ᠮᠠᠯ ᠤᠨ ᠭᠠᠷᠭᠠᠯᠲᠠ ᠬᠦᠴᠢᠷ ᠪᠠᠶᠢᠬᠤ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠵᠦ᠂ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠤᠨ᠂ ᠮᠠᠯᠴᠢᠳ ᠤᠨ ᠮᠠᠯᠵᠢᠯ ᠤᠨ ᠣᠷᠣᠯᠭ᠎ᠠ ᠶᠢ ᠨᠡᠮᠡᠭᠳᠡᠭᠦᠯᠵᠡᠢ᠃ᠡᠭᠦᠨ ᠤ ᠵᠡᠷᠬᠡᠪᠡᠷ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠤᠯᠠᠮ ᠴᠢᠨᠠᠭᠰᠢᠲᠠ ᠴᠢᠩᠭᠠᠳᠬᠠᠵᠤ᠂ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠮᠠᠯ ᠪᠡᠯᠴᠢᠭᠡᠷ ᠤᠨ ᠲᠡᠩᠴᠡᠭᠦᠷᠢ ᠶᠢ ᠣᠷᠳᠣ ᠬᠤᠭᠤᠴᠠᠭ᠎ᠠ ᠪᠠᠷ ᠪᠠᠲᠤᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ᠂ ᠭᠤᠷᠤᠬᠠᠨ ᠪᠠᠯᠭᠠᠰᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠭᠠᠴᠠᠭᠠᠨ ᠤ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ  ᠠᠬᠢᠭᠤᠯᠬᠤ ᠠᠷᠭ᠎ᠠ ᠮᠠᠶ᠋ᠢᠭ ᠢᠶᠠᠷ ᠲᠡᠵᠢᠭᠡᠨ ᠦᠷᠡᠵᠢᠭᠦᠯᠬᠦ ᠦᠢᠯᠡᠰ ᠤᠨ ᠡᠷᠴᠢᠮᠵᠢᠭᠰᠡᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃      ᠪᠠᠶᠠᠨᠬᠠᠶᠢᠯᠠᠰᠣᠲᠠᠢ ᠭᠠᠴᠠᠭ᠎ᠠ ᠪᠠ ᠲᠤᠯᠭ᠎ᠠ ᠭᠠᠴᠠᠭᠠᠨ ᠳᠤ ᠲᠣᠰ ᠲᠣᠰ 200 ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠪᠣᠷᠳᠣᠵᠤ ᠲᠠᠶᠢᠯᠬᠦ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠪᠠᠶᠢᠭᠤᠯᠵᠤ᠂ ᠣᠳᠣᠬᠠᠨ ᠳᠤ ᠨᠢᠭᠡᠨᠲᠡ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ  ᠪᠤᠷᠳᠤᠨ ᠲᠡᠵᠢᠭᠡᠵᠦ ᠡᠬᠢᠯᠡᠭᠰᠡᠨ ᠮᠥᠷᠲᠡᠭᠡᠨ ᠲᠡᠵᠢᠭᠡᠯ ᠪᠣᠷᠳᠣᠭᠠᠨ ᠤ ᠵᠢᠶᠠᠰᠠ᠂ ᠫᠧᠩ ᠰᠠᠷᠠᠪᠴᠢ᠂ ᠦᠬᠡᠷ ᠤᠨ ᠵᠢᠶᠠᠰᠠ᠂ ᠤᠳᠬᠤᠭᠤᠷ ᠲᠡᠷᠭᠡ᠂ ᠬᠤᠳᠬᠤᠬᠤ ᠮᠠᠰᠢᠨ ᠵᠡᠷᠭᠡ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠ ᠮᠠᠰᠢᠨᠴᠢᠯᠠᠭᠰᠠᠨ ᠲᠥᠬᠦᠭᠡᠷᠦᠮᠵᠢ ᠶᠢ ᠪᠦᠷᠢᠯᠳᠦᠭᠦᠯᠦᠭᠰᠡᠨ ᠪᠥᠭᠡᠳ ᠲᠤᠰᠬᠠᠢ ᠬᠥᠮᠥᠨ ᠢᠶᠠᠷ ᠬᠠᠮᠢᠶᠠᠷᠤᠭᠤᠯᠵᠤ᠂ ᠲᠤᠰᠬᠠᠶᠢᠯᠠᠨ ᠰᠤᠳᠤᠯᠤᠨ ᠦᠢᠯᠡᠳᠦᠭᠰᠡᠨ ᠨᠠᠷᠢᠯᠢᠭ ᠪᠣᠷᠳᠤᠭ᠎ᠠ ᠪᠠᠷ ᠲᠡᠵᠢᠭᠡᠵᠦ ᠪᠠᠶᠢᠨ᠎ᠠ᠃ ᠲᠣᠰ ᠭᠠᠴᠠᠭ᠎ᠠ ᠨᠢ ︽ᠣᠷᠣᠯᠠᠨ ᠲᠡᠵᠢᠭᠡᠬᠦ  ᠨᠠᠶᠢᠳᠠᠯᠭ᠎ᠠ ᠪᠠᠷ ᠲᠡᠵᠢᠭᠡᠬᠦ︾ ᠵᠠᠭᠪᠤᠷ ᠢ ᠬᠡᠷᠡᠭᠯᠡᠨ᠂ ᠬᠠᠰᠢᠶᠠᠯᠠᠨ ᠲᠡᠵᠢᠭᠡᠵᠦ ᠦᠷᠡᠵᠢᠭᠦᠯᠬᠦ ᠠᠷᠭ᠎ᠠ ᠮᠠᠶ᠋ᠢᠭ ᠢᠶᠠᠷ ᠨᠤᠲᠤᠭ ᠪᠡᠯᠴᠢᠭᠡᠷ ᠢ ᠬᠠᠮᠠᠭᠠᠯᠠᠬᠤ᠂ ᠪᠡᠯᠴᠢᠭᠡᠷ ᠢᠶᠠᠷ ᠮᠠᠯ ᠤᠨ ᠲᠤᠭ᠎ᠠ ᠲᠣᠯᠣᠭᠠᠢ ᠶᠢ ᠲᠣᠭᠲᠠᠭᠠᠬᠤ᠂ ᠴᠥᠭᠡᠨ ᠮᠠᠯᠵᠢᠵᠤ ᠨᠠᠷᠢᠯᠢᠭ ᠲᠡᠵᠢᠭᠡᠬᠦ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ ᠤᠨ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃  ᠲᠤᠯᠭ᠎ᠠ ᠭᠠᠴᠠᠭ᠎ᠠ ᠣᠳᠣᠬᠠᠨ ᠳᠤ ᠨᠢᠭᠡᠨᠲᠡ 60 ᠭᠠᠷᠤᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ ᠪᠤᠢ᠃  ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠬᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ᠂ ᠡᠭᠦᠯᠳᠡᠷ ᠢ ᠰᠢᠯᠢᠳᠡᠭᠵᠢᠭᠦᠯᠬᠦ᠂ ᠲᠡᠵᠢᠭᠡᠨ ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠦᠢᠯᠡᠳᠦᠯ ᠢ ᠪᠣᠶ ᠪᠣᠯᠭᠠᠵᠤ᠂ ᠪᠥᠬᠦ ᠪᠠᠯᠭᠠᠰᠤᠨ ᠤ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠠᠮᠲᠤ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠡ ᠨᠢ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ  ᠰᠢᠢᠳᠪᠦᠷᠢᠯᠡᠬᠦ ᠪᠦᠳᠦᠮᠵᠢᠲᠠᠢ ᠠᠷᠭ᠎ᠠ ᠠᠪᠴᠠᠯ ᠪᠤᠯᠤᠭᠰᠠᠨ ᠪᠠᠶᠢᠨ᠎ᠠ᠃      ᠳᠠᠷᠠᠭ᠎ᠠ ᠠᠯᠬᠤᠮ ᠳᠤ᠂ ᠭᠤᠷᠤᠬᠠᠨ ᠪᠠᠯᠭᠠᠰᠤ ᠠᠮᠢ ᠠᠬᠤᠢ ᠶᠢ ᠲᠡᠷᠢᠭᠦᠨ ᠳᠤ  ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠬᠢᠭᠡᠳ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠡᠯᠬᠢᠶ᠎ᠡ ᠵᠢᠴᠢ ᠪᠣᠷᠳᠣᠵᠤ ᠲᠠᠷᠭᠤᠯᠠᠭᠤᠯᠬᠤ ᠦᠬᠡᠷ ᠵᠥᠭᠡᠭᠡᠪᠦᠷᠢᠯᠡᠬᠦ ᠵᠠᠭᠪᠤᠷ ᠢ ᠪᠣᠶ ᠪᠣᠯᠭᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠮᠠᠯ ᠠᠵᠤ ᠠᠬᠤᠢ ᠶᠢᠨ ᠬᠥᠭᠵᠢᠯᠲᠡ ᠶᠢᠨ ᠴᠢᠭᠯᠡᠯ ᠳᠤ ᠲᠣᠬᠢᠷᠠᠭᠤᠯᠤᠯᠲᠠ ᠬᠢᠬᠦ᠂ ᠮᠠᠯ ᠤᠨ ᠲᠤᠭ᠎ᠠ ᠬᠡᠮᠵᠢᠶ᠎ᠡ ᠶᠢ ᠪᠠᠭᠤᠷᠠᠭᠤᠯᠬᠤ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠶᠢ ᠬᠠᠶᠢᠨ ᠰᠦᠪᠡᠭᠴᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ᠂ ᠮᠠᠯᠴᠢᠳ ᠤᠨ ᠠᠮᠢᠳᠤᠷᠠᠯ᠂ ᠮᠠᠯ ᠠᠵᠤ ᠠᠬᠤᠢ ᠶᠢᠨ ᠬᠥᠭᠵᠢᠯᠲᠡ ᠶᠢ ᠪᠥᠬᠦ ᠲᠠᠯ᠎ᠠ  ᠪᠠᠷ ᠠᠬᠢᠭᠤᠯᠬᠤ ᠪᠤᠯᠤᠨ᠎ᠠ᠃     ᠭᠤᠷᠤᠬᠠᠨ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠤᠨ ᠲᠠᠷᠤᠭ᠎ᠠ  ᠤᠷᠳᠤᠨᠠᠰᠤᠳᠤ᠄  ︽ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠪᠢᠳᠡ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠪᠠᠯᠭᠠᠰᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ  ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠪᠡᠯᠴᠢᠭᠡᠷ ᠤᠨ ᠳᠠᠭᠠᠭᠠᠴᠠ ᠠᠴᠠ  ᠬᠡᠳᠦᠷᠡᠭᠰᠡᠨ ᠮᠠᠯ ᠢ ᠢᠯᠭᠠᠨ ᠰᠠᠯᠭᠠᠬᠤ ᠴᠢᠭᠯᠡᠯ ᠢ ᠲᠣᠳᠣᠷᠬᠠᠶᠢᠯᠠᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠷᠭ᠎ᠠ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠡᠢ᠃ ᠮᠠᠨ ᠤ ᠪᠠᠯᠭᠠᠰᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ 4 ᠰᠠᠷ᠎ᠠ ᠶᠢᠨ ᠳᠤᠮᠳᠠᠴᠢ ᠠᠴᠠ ᠡᠬᠢᠯᠡᠨ ᠠᠷᠠᠯᠵᠢᠶ᠎ᠠ ᠬᠢᠵᠦ᠂ ᠥᠨᠥᠳᠥᠷ ᠪᠣᠯᠲᠠᠯ᠎ᠠ  4000 ᠭᠠᠷᠤᠢ ᠪᠤᠳᠠ ᠮᠠᠯ ᠢ ᠭᠠᠷᠭᠠᠵᠤ᠂ ᠡᠭᠦᠨ ᠤ ᠵᠡᠷᠭᠡ ᠳᠤ  ᠲᠤᠯᠭ᠎ᠠ  ᠭᠠᠴᠠᠭᠠᠨ ᠤ ᠨᠠᠮ ᠤᠨ ᠡᠭᠦᠷ ᠢᠶᠠᠷ ᠲᠦᠷᠦᠭᠦᠯᠡᠭᠦᠯᠦᠭᠰᠡᠨ 200 ᠦᠬᠡᠷ ᠠᠴᠠ ᠳᠡᠭᠡᠭᠰᠢ ᠮᠢᠬᠠᠨ ᠤ ᠦᠬᠡᠷ ᠪᠠᠭᠲᠠᠭᠠᠵᠤ ᠳᠡᠶᠢᠯᠬᠦ ᠬᠤᠶᠠᠷ ᠲᠡᠵᠢᠭᠡᠨ ᠦᠷᠡᠵᠢᠭᠦᠯᠬᠦ ᠲᠣᠭᠤᠷᠢᠭ ᠠᠴᠠ ᠬᠠᠰᠢᠶᠠᠯᠠᠨ ᠲᠡᠵᠢᠭᠡᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠪᠡᠯᠴᠢᠭᠡᠷᠯᠡᠭᠦᠯᠬᠦ ᠳᠠᠷᠤᠭᠠᠰᠤ ᠶᠢ ᠬᠥᠩᠭᠡᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ︽ᠬᠥᠮᠥᠨ᠂ ᠡᠪᠡᠰᠦ᠂ ᠮᠠᠯ︾ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠡᠳᠬᠢᠴᠡ ᠪᠠᠷ᠂ ᠡᠯ᠎ᠡ ᠭᠠᠴᠠᠭᠠᠨ ᠳᠤ ᠡᠪᠡᠰᠦ ᠪᠣᠷᠳᠤᠭ᠎ᠠ ᠡᠳ᠋ᠰᠢᠭᠦᠯᠬᠦ  ᠴᠢᠭ ᠪᠠᠶᠢᠭᠤᠯᠬᠤ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠮᠠᠯᠴᠢᠳ ᠤᠨ ᠬᠠᠰᠢᠶᠠᠯᠠᠨ ᠲᠡᠵᠢᠭᠡᠬᠦ ᠪᠠ ᠲᠡᠵᠢᠭᠡᠯ ᠪᠣᠷᠳᠤᠭ᠎ᠠ ᠨᠥᠬᠦᠪᠦᠷᠢᠯᠡᠬᠦ ᠲᠠᠯ᠎ᠠ ᠪᠠᠷ ᠬᠢ ᠡᠪᠡᠰᠦ ᠪᠣᠷᠳᠤᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号